ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠠᠴᠠ | 2018ᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠠᠵᠢᠯᠯᠠᠭ᠎ᠠ ᠶᠢ ᠰᠠᠶᠢᠳᠤᠷ ᠬᠢᠬᠦ ᠲᠤᠬᠠᠢ ᠮᠡᠳᠡᠭᠳᠡᠯ | | | ᠡᠯ᠎ᠡ ᠰᠢᠶᠠᠩ ᠪᠠᠯᠭᠠᠰᠦ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠬᠡᠯᠲᠡᠰ᠂ | ᠵᠦᠪᠯᠡᠯ᠂᠂ ᠬᠤᠲᠠ ᠶᠢᠨ ᠰᠢᠭᠤᠤᠳ ᠬᠠᠷᠢᠶᠠᠲᠦ ᠡᠯ᠎ᠡ ᠵᠦᠪᠯᠡᠯ᠂ ᠠᠯᠪᠠᠨ ᠭᠡᠷ᠂ ᠲᠤᠪᠴᠢᠶ᠎ᠠ ᠪᠠ ᠠᠷᠠᠳ ᠤᠨ | ᠪᠦᠯᠬᠦᠮ᠂ ᠰᠢᠭᠤᠤᠳ ᠬᠠᠮᠢᠶᠠᠷᠤᠯᠲᠠ ᠶᠢᠨ ᠨᠢᠭᠡᠴᠢ᠂ ᠹᠧᠩᠵᠧᠨ ᠳᠤ ᠰᠠᠭᠤᠭ᠎ᠠ ᠨᠢᠭᠡᠴᠢ ᠪᠠᠶᠢᠭᠤᠯᠭ᠎ᠠ᠂ ᠡᠯ᠎ᠡ | ᠠᠵᠦ ᠠᠬᠤᠢᠯᠠᠯ : | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠪᠤᠯ ᠦᠪᠡᠷᠲᠡᠭᠡᠨ ᠵᠠᠰᠠᠬᠤ | ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠤᠯᠠᠭᠠᠨ ᠵᠠᠭᠠᠯᠮᠠᠢᠲᠠᠨ ᠤ ᠨᠠᠶᠢᠭᠡᠮᠯᠢᠭ ᠤᠨ ᠬᠠᠤᠯᠢ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠬᠠᠤᠯᠢ﹀ ᠬᠡᠷᠡᠭᠵᠢᠭᠦᠯᠬᠦ ᠠᠷᠭ᠎ᠠ ᠪᠠᠷᠢᠯ︾ ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠢᠶᠠᠷ ᠵᠦᠪᠰᠢᠶᠡᠷᠡᠭᠦᠯᠵᠦ᠂ ᠪᠦᠬᠦ ᠤᠷᠤᠨ ᠤ ᠬᠡᠪᠴᠢᠶᠡᠨ ᠳᠤ ᠦᠷᠨᠢᠭᠦᠯᠦᠭᠰᠡᠨ ᠨᠢᠭᠡ | ᠲᠦᠷᠦᠯ ᠤᠨ ᠤᠷᠲᠦ ᠬᠤᠭᠤᠴᠠᠭᠠᠲᠦ ᠨᠡᠶᠢᠳᠡᠶᠢᠨ ᠠᠰᠠᠷᠠᠮᠵᠢ ᠶᠢᠨ ᠠᠵᠢᠯᠯᠠᠭ᠎ᠠ ᠪᠤᠯᠤᠨ᠎ᠠ᠃ 2107 ᠤᠨ ᠤ | ᠮᠠᠨ ᠤ ᠬᠤᠲᠠ ᠶᠢᠨ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ᠂ ᠨᠡᠶᠢᠭᠡᠮ ᠤᠨ | ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠦᠮᠦᠰ ᠤᠨ ᠢᠳᠡᠪᠬᠢᠲᠠᠢ ᠤᠷᠤᠯᠴᠠᠯᠭ᠎ᠠ ᠲᠤᠤᠷ᠎ᠠ ᠮᠡᠳᠡᠭᠳᠡᠭᠦᠶᠢᠴᠡ | ᠦᠷ᠎ᠡ ᠪᠦᠲᠦᠮᠵᠢ ᠤᠯᠵᠠᠢ᠃ ᠬᠤᠲᠠ ᠶᠢᠨ ᠤᠯᠠᠭᠠᠨ ᠵᠠᠭᠠᠯᠮᠠᠶᠢᠳᠠᠨ ᠤ ᠨᠠᠢᠭᠡᠮᠯᠢᠭ ᠠᠴᠠ ᠬᠠᠯᠠᠮᠵᠢ ᠬᠦᠷᠳᠡᠭᠡᠬᠦ | ᠶᠠᠳᠠᠭᠤ ᠬᠦᠴᠢᠷᠲᠡᠯᠲᠡᠢ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ᠂ ᠤᠯᠠᠭᠠᠨ ᠵᠠᠭᠠᠯᠮᠠᠢᠲᠠᠨ ᠤ ᠲᠦᠭᠡᠮᠡᠯ | ᠬᠠᠶᠢᠷ᠎ᠠ ᠶᠢᠨ ᠭᠡᠷ ᠤᠷᠤᠨ ᠵᠡᠷᠭᠡ ᠬᠦᠮᠦᠨᠴᠢ ᠴᠢᠨᠠᠷ ᠤᠨ ᠠᠪᠤᠷᠠᠨ ᠲᠤᠰᠠᠯᠠᠬᠤ ᠲᠦᠷᠦᠯ ᠵᠦᠢᠯ ᠪᠠ ᠠᠪᠤᠷᠠᠨ | ᠲᠤᠰᠠᠯᠠᠬᠤ ᠬᠦᠳᠡᠯᠭᠡᠭᠡᠨ ᠢ ᠵᠤᠬᠢᠶᠠᠨ ᠪᠠᠶᠢᠭᠤᠯᠬᠤ ᠪᠠ ᠦᠷᠨᠢᠭᠦᠯᠵᠦ᠂ ᠨᠡᠶᠢᠭᠡᠮ ᠤᠨ ᠬᠦᠴᠦᠨ ᠢ ᠲᠠᠶᠢᠴᠢᠯᠠᠬᠤ᠂ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠲᠤᠰᠠᠯᠠᠨ ᠬᠠᠪᠰᠤᠷᠬᠤ᠂ ᠠᠷᠠᠳ ᠤᠨ ᠠᠮᠢᠳᠤᠷᠠᠯ ᠢ | ᠪᠠᠲᠤᠯᠠᠬᠤ ᠪᠠ ᠰᠠᠶᠢᠵᠢᠷᠠᠭᠤᠯᠬᠤ᠂ ᠨᠡᠶᠢᠭᠡᠮᠤᠨ ᠡᠶ᠎ᠡ ᠵᠤᠬᠢᠴᠠᠯ ᠪᠠ ᠲᠤᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ | ᠲᠠᠯ᠎ᠠ ᠳᠤ ᠴᠢᠬᠤᠯᠠ ᠦᠢᠯᠡᠳᠦᠯ ᠪᠠᠳᠠᠷᠠᠭᠤᠯᠵᠠᠢ᠃ 2018 ᠤᠨ ᠤ ︽ᠲᠦᠭᠡᠮᠡᠯ ᠬᠠᠶᠢᠷᠠᠳᠤ ᠨᠢᠭᠡ ᠡᠳᠦᠷ ᠤᠨ | ᠲᠤᠰᠠᠯᠠᠮᠵᠢ︾ ᠬᠠᠨᠳᠢᠪ ᠴᠤᠭᠯᠠᠭᠤᠯᠬᠤ ᠬᠦᠳᠡᠯᠭᠡᠭᠡᠨ ᠢ ᠦᠨᠡᠨᠬᠦ ᠰᠠᠶᠢᠳᠤᠷ ᠬᠢᠬᠦ ᠶᠢᠨ ᠲᠤᠰᠠᠲᠠ᠂ ᠡᠳᠦᠭᠡ | ᠬᠤᠯᠪᠤᠭᠳᠠᠯ ᠪᠦᠬᠦᠢ ᠬᠡᠷᠡᠭ ᠤᠴᠢᠷ ᠢ ᠲᠤᠤᠷᠠᠬᠢ ᠮᠡᠲᠦ ᠮᠡᠳᠡᠭᠳᠡᠶ᠎ᠡ᠄ | ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠪᠤᠲᠠᠲᠠᠢ ᠵᠤᠬᠢᠶᠠᠨ | ᠪᠠᠶᠢᠭᠤᠯᠵᠦ ᠦᠷᠨᠢᠭᠦᠯᠬᠦ ᠬᠡᠷᠡᠭᠲᠡᠢ ᠃ | ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠦᠬᠦᠢ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠤᠯᠤᠨ ᠲᠡᠩᠴᠡᠭᠦᠷᠢ ᠦᠭᠡᠢ ᠭᠦᠢᠴᠡᠳ ᠪᠤᠰᠤ | ᠬᠦᠭᠵᠢᠯᠲᠡ ᠶᠢᠨ ᠬᠤᠭᠤᠷᠤᠨᠳᠤᠬᠢ ᠵᠦᠷᠢᠴᠡᠯ ᠪᠤᠯᠤᠨ ᠬᠤᠪᠢᠷᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠶᠢ | ᠪᠠᠷᠢᠮᠲᠠᠯᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠴᠢᠬᠤᠯᠠᠴᠢᠯᠠᠵᠤ᠂ ᠬᠦᠭᠵᠢᠯᠲᠡ ᠶᠢᠨ ᠲᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠ ᠠᠷᠠᠳ ᠤᠨ ᠠᠮᠢᠳᠤᠷᠠᠯ ᠤᠨ ᠠᠰᠢᠭ ᠢ ᠢᠯᠡᠭᠦᠦ ᠪᠤᠳᠤᠯᠬᠢᠯᠠᠬᠤ ᠶᠢ | ᠪᠠᠷᠢᠮᠲᠠᠯᠠᠵᠦ᠂ ᠠᠷᠠᠳ ᠤᠨ ᠠᠮᠢᠳᠤᠷᠠᠯ ᠤᠨ ᠵᠤᠪᠠᠭᠤᠷᠢ ᠶᠢ ᠢᠯᠡᠭᠦᠬᠡᠨ ᠠᠷᠢᠯᠭᠠᠵᠦ᠂ ᠪᠦᠬᠦ ᠠᠷᠠᠳ ᠲᠦᠮᠡᠨ ᠤ | ᠬᠠᠮᠲᠦ ᠪᠠᠷ ᠪᠠᠶᠢᠭᠤᠯᠵᠦ ᠬᠠᠮᠲᠦ ᠪᠠᠷ ᠡᠳ᠋ᠯᠡᠬᠦ ᠬᠦᠭᠵᠢᠯᠲᠠ ᠲᠤᠮᠳᠠ ᠨᠡᠩ ᠶᠡᠭᠡ ᠬᠦᠷᠲᠡᠭᠡᠮᠵᠢ ᠲᠠᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠨᠠᠮ ᠤᠨ ᠠᠷᠪᠠ ᠶᠢᠰᠦᠳᠦᠭᠡᠷ ᠤᠳᠠᠭᠠᠨ ᠤ ᠶᠡᠭᠡ ᠬᠤᠷᠠᠯ ᠤᠨ ᠢᠯᠡᠳᠭᠡᠯ ᠳᠤ ᠵᠢᠭᠠᠵᠦ | ᠭᠠᠷᠭᠠᠵᠠᠢ᠃︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠦᠷᠨᠢᠭᠦᠯᠬᠦ ᠨᠢ | ᠨᠡᠶᠢᠭᠡᠮ ᠤᠨ ᠬᠦᠴᠦᠨ ᠢ ᠦᠷᠭᠡᠨ ᠢᠶᠠᠷ ᠲᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ | ᠠᠵᠢᠯ ᠳᠤ ᠤᠷᠤᠯᠴᠠᠬᠤ ᠳᠤ ᠠᠰᠢᠭᠲᠠᠢ ᠪᠠᠶᠢᠵᠤ᠂ ᠠᠷᠠᠳ ᠤᠨ ᠠᠮᠢᠳᠤᠷᠠᠯ ᠤᠨ ᠲᠤᠳᠠᠬᠳᠠᠯ ᠢ ᠨᠦᠬᠦᠪᠦᠷᠢᠯᠡᠵᠦ᠂ | ᠶᠠᠳᠠᠭᠤ ᠬᠦᠴᠢᠷᠲᠡᠯᠲᠡᠢ ᠤᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠡᠯ᠎ᠡ | ᠰᠢᠶᠠᠩ ᠪᠠᠯᠭᠠᠰᠦ᠂ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠦᠴᠢᠷ ᠦᠵᠡᠯᠲᠡ ᠲᠠᠨᠢᠯᠲᠠ ᠪᠠ ᠦᠢᠯᠡ | ᠠᠵᠢᠯᠯᠠᠭ᠎ᠠ ᠦᠵᠡᠯ ᠤᠬᠠᠮᠰᠠᠷ ᠢᠶᠠᠨ ᠦᠨᠡᠨᠬᠦ ᠲᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠤᠶᠤᠨ ᠤ ᠪᠤᠯᠪᠠᠰᠤᠨ ᠤ | ᠪᠦᠲᠦᠭᠡᠨ ᠪᠠᠢᠭᠤᠯᠤᠯᠲᠠ ᠲᠠᠢ ᠤᠶᠠᠯᠳᠤᠭᠤᠯᠵᠦ᠂ 2018 ᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢ ᠨᠠᠷᠢᠨ ᠬᠢᠨᠠᠮᠭᠠᠢ ᠵᠤᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃ | ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠬᠠᠨᠳᠢᠪ ᠴᠤᠭᠯᠠᠭᠤᠯᠬᠤ | ᠬᠦᠳᠡᠯᠭᠡᠭᠡᠨ ᠤ ᠤᠬᠠᠭᠤᠯᠭ᠎ᠠ ᠶᠢᠨ ᠠᠵᠢᠯ ᠢ ᠦᠨᠡᠨᠬᠦ ᠴᠢᠩᠭᠠᠳᠭᠠᠬᠤ ᠬᠡᠷᠡᠭᠲᠡᠢ᠃ | ᠡᠯ᠎ᠡ ᠰᠢᠶᠠᠩ ᠪᠠᠯᠭᠠᠰᠦ᠂ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠦᠴᠢᠷ ︽ᠲᠦᠭᠡᠮᠡᠯ ᠬᠠᠶᠢᠷ᠎ᠠ ᠶᠢᠨ ᠨᠢᠭᠡ | ᠡᠳᠦᠷ ᠤᠨ ᠬᠠᠨᠳᠢᠪᠯᠠᠯ︾ ᠤᠨ ᠠᠵᠢᠯᠯᠠᠭᠠᠨ ᠤ ᠤᠬᠠᠭᠤᠯᠭ᠎ᠠ ᠶᠢᠨ ᠠᠵᠢᠯ ᠢ ᠨᠠᠷᠢᠨ ᠬᠢᠨᠠᠮᠭᠠᠢ ᠰᠠᠶᠢᠳᠤᠷ ᠬᠢᠵᠦ᠂ | ᠨᠠᠶᠢᠭᠡᠮ ᠲᠠᠶᠠᠭᠠᠷ ᠲᠤ ᠬᠦᠮᠦᠨ ᠪᠦᠬᠦᠨ ᠨᠡᠶᠢᠳᠡᠶᠢᠨ ᠠᠰᠠᠷᠠᠮᠵᠢ ᠳᠤ ᠤᠷᠤᠯᠴᠠᠬᠤ᠂ ᠬᠦᠮᠦᠨ ᠪᠦᠬᠦᠨ ᠬᠠᠶᠢᠷ᠎ᠠ ᠪᠠᠨ | ᠵᠤᠷᠢᠭᠤᠯᠬᠤ ᠨᠡᠶᠢᠳᠠ ᠶᠢᠨ ᠠᠰᠠᠷᠠᠮᠵᠢ ᠶᠢᠨ ᠤᠶᠢᠯᠠᠭᠠᠬᠳᠠᠬᠤᠨ ᠢ ᠶᠡᠬᠡᠪᠡᠷ ᠤᠷᠢᠶᠠᠯᠠᠵᠦ᠂ ᠵᠤᠭᠤᠰ ᠴᠤᠭᠯᠠᠭᠤᠯᠬᠤ | ᠬᠦᠳᠡᠯᠭᠡᠭᠡᠨ ᠲᠤᠮᠳᠠ ᠢᠯᠡᠷᠡᠭᠰᠡᠨ ᠲᠡᠷᠢᠭᠦᠨ ᠤ ᠨᠢᠭᠡᠴᠢ ᠪᠠ ᠬᠤᠪᠢ ᠬᠦᠮᠦᠨ ᠢ ᠶᠡᠬᠡᠪᠡᠷ ᠤᠬᠠᠭᠤᠯᠠᠨ ᠮᠡᠳᠡᠭᠡᠯᠡᠵᠦ᠂ | ᠨᠡᠶᠢᠭᠡᠮ ᠤᠨ ᠪᠤᠯᠪᠠᠰᠤᠨ ᠰᠢᠨ᠎ᠡ ᠬᠡᠪ ᠰᠤᠷᠲᠠᠯ ᠢ ᠬᠦᠳᠦᠯᠦᠨ ᠵᠢᠯᠤᠭᠤᠳᠤᠨ᠎ᠠ᠃ ᠠᠭᠤᠯᠭ᠎ᠠ ᠪᠠᠷ ᠪᠠᠶᠠᠯᠢᠭ᠂ ᠤᠯᠠᠨ | ᠵᠦᠢᠯ ᠤᠨ ᠬᠡᠯᠪᠡᠷᠢ ᠮᠠᠶ᠋ᠢᠭ ᠤᠨ ᠤᠬᠠᠭᠤᠯᠬᠤ ᠬᠦᠳᠡᠯᠭᠡᠭᠡᠨ ᠢ ᠨᠠᠷᠢᠨ ᠬᠢᠨᠠᠮᠠᠭᠠᠢ ᠲᠦᠰᠦᠪᠯᠡᠬᠦ ᠪᠠ ᠨᠢᠭᠡᠲᠦᠯᠲᠡᠢ | ᠵᠤᠬᠢᠶᠠᠨ ᠪᠠᠶᠢᠭᠤᠯᠤᠨ ᠦᠷᠨᠢᠭᠦᠯᠵᠦ᠂ ᠬᠠᠶᠢᠷ᠎ᠠ ᠰᠡᠳᠬᠢᠯᠲᠦ ᠬᠤᠪᠢ ᠨᠡᠮᠡᠷᠢᠯᠡᠬᠦ ᠦᠢᠯᠡ ᠠᠵᠢᠯᠯᠠᠭ᠎ᠠ ᠶᠢ ᠰᠠᠶᠢᠰᠢᠶᠠᠨ | ᠮᠠᠭᠲᠠᠵᠦ᠂ ᠨᠡᠶᠢᠭᠡᠮ ᠤᠨ ᠡᠯ᠎ᠡ ᠡᠲᠡᠭᠡᠳ ᠤᠨ ᠤᠯᠠᠨ ᠲᠦᠮᠡᠨ ᠤ ᠤᠷᠤᠯᠴᠠᠬᠤ ᠬᠠᠯᠠᠭᠤᠨ ᠰᠡᠳᠬᠢᠯᠭᠡ ᠶᠢ | ᠤᠷᠮᠠᠰᠢᠭᠤᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠬᠠᠨᠳᠢᠪ ᠴᠤᠭᠯᠠᠭᠤᠯᠬᠤ | ᠬᠦᠳᠡᠯᠭᠡᠭᠡᠨ ᠢ ᠨᠡᠶᠢᠭᠡᠮ ᠨᠡᠶᠢᠳᠡ ᠶᠢᠨ ᠠᠰᠠᠷᠠᠮᠵᠢ ᠶᠢᠨ ᠨᠡᠷᠡᠲᠦ ᠲᠡᠮᠲᠡᠭ ᠪᠠ ᠤᠶᠤᠨ ᠤ ᠪᠤᠯᠪᠠᠰᠤᠨ ᠤ ᠪᠦᠲᠦᠭᠡᠨ | ᠪᠠᠶᠢᠭᠤᠯᠤᠯᠳᠠ ᠶᠢᠨ ᠭᠡᠷᠡᠯᠲᠦ ᠴᠡᠭ ᠪᠤᠯᠭᠠᠨ᠎ᠠ᠃ ᠨᠡᠶᠢᠳᠡ ᠶᠢᠨ ᠠᠰᠠᠷᠠᠮᠵᠢ ᠶᠢᠨ ᠨᠢᠭᠡᠯᠰᠡᠩᠭᠦᠢ ᠦᠢᠯᠡ | ᠠᠵᠢᠯᠯᠠᠭ᠎ᠠ ᠶᠢᠨ ᠤᠬᠠᠭᠤᠯᠬᠤ ᠪᠠ ᠲᠡᠮᠵᠢᠬᠦ ᠬᠦᠴᠦᠯᠡᠴᠡ ᠪᠠᠨ ᠴᠢᠩᠭᠠᠳᠬᠠᠵᠦ᠂ ᠬᠤᠯᠪᠤᠭᠳᠠᠯ ᠪᠦᠬᠦᠢ ᠲᠤᠭᠲᠠᠭᠠᠯ | ᠶᠤᠰᠤᠭᠠᠷ ᠨᠡᠶᠢᠳᠡ ᠶᠢᠨ ᠠᠰᠠᠷᠠᠮᠵᠢ ᠶᠢᠨ ᠬᠦᠳᠡᠯᠭᠡᠭᠡᠨ ᠪᠠ ᠨᠡᠶᠢᠳᠡ ᠶᠢᠨ ᠠᠰᠠᠷᠠᠮᠵᠢ ᠶᠢᠨ ᠵᠠᠷ ᠤᠨ ᠬᠠᠮᠢᠶ᠎ᠠ ᠪᠦᠬᠦᠢ | ᠬᠤᠷᠢᠶᠠᠭᠰᠠᠨ ᠵᠠᠷᠤᠲᠠᠯ ᠢ ᠬᠠᠰᠤᠨ ᠬᠦᠩᠬᠡᠷᠡᠭᠦᠯᠦᠨᠡ᠃ | ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪᠯᠠᠭᠰᠠᠨ ᠪᠡᠯᠡ ᠮᠦᠩᠬᠦ ᠶᠢ | ᠦᠨᠡᠨᠬᠦ ᠰᠠᠶᠢᠳᠤᠷ ᠬᠠᠮᠢᠶᠠᠷᠴᠦ᠂ ᠰᠠᠶᠢᠳᠤᠷ ᠬᠡᠷᠡᠭᠯᠡᠬᠦ ᠬᠡᠷᠡᠭᠲᠡᠢ ᠃ | ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠬᠠᠨᠳᠢᠪᠯᠠᠭᠰᠠᠨ ᠪᠡᠯᠡ ᠮᠦᠩᠬᠦ ᠶᠢ ᠰᠢᠨᠵᠢᠯᠡᠬᠦ | ᠤᠬᠠᠭᠠᠨᠴᠢ ᠵᠦᠢ ᠵᠤᠬᠢᠰᠲᠠᠢ ᠪᠠᠷ ᠲᠤᠬᠢᠷᠠᠭᠤᠯᠤᠨ ᠬᠡᠷᠡᠭᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ 20% ᠤᠨ ᠪᠡᠯᠡ ᠮᠦᠩᠬᠦ ᠶᠢ ᠭᠠᠮᠰᠢᠭ ᠲᠤ ᠪᠡᠯᠡᠳᠭᠡᠵᠦ ᠭᠠᠮᠰᠢᠭ ᠠᠴᠠ ᠠᠪᠤᠷᠠᠬᠤ ᠨᠦᠬᠡᠴᠡ | ᠮᠦᠩᠬᠦ ᠳᠤ ᠬᠡᠷᠡᠭᠯᠡᠵᠦ᠂ 30% ᠤᠨ ᠪᠡᠯᠡ ᠮᠦᠩᠬᠦ ᠶᠢ ᠬᠦᠮᠦᠨᠴᠢ ᠴᠢᠨᠠᠷ ᠤᠨ ᠠᠪᠤᠷᠠᠨ ᠲᠤᠰᠠᠯᠠᠯᠲᠠ᠂ ᠭᠠᠮᠰᠢᠭ ᠢ | ᠠᠪᠤᠷᠠᠨ ᠲᠤᠰᠠᠯᠠᠬᠤ ᠳᠤ ᠬᠡᠷᠡᠭᠯᠡᠬᠦ ᠮᠦᠷᠲᠡᠭᠡᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ᠂ ᠮᠢᠩᠭ᠎ᠠ | ᠲᠦᠮᠡᠨ ᠭᠡᠷ ᠪᠦᠯᠢ ᠶᠢ ᠲᠤᠯᠠᠭᠠᠯᠠᠬᠤ︾ ᠵᠡᠷᠭᠡ ᠨᠡᠷᠡᠲᠦ ᠲᠡᠮᠲᠡᠭᠲᠦ ᠠᠪᠤᠷᠠᠨ ᠲᠤᠰᠠᠯᠠᠬᠤ ᠲᠦᠷᠦᠯ ᠵᠦᠢᠯ ᠢ | ᠦᠷᠬᠦᠯᠵᠢᠯᠡᠭᠦᠯᠦᠨ ᠪᠠᠬᠢᠵᠢᠭᠦᠯᠵᠦ᠂ 50% ᠤᠨ ᠪᠡᠯᠡ ᠮᠦᠩᠬᠦ ᠶᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠵᠤᠷᠢᠯᠲᠠ ᠳᠤ ᠲᠤᠬᠢᠷᠠᠭᠰᠠᠨ ᠦᠪᠦᠷ ᠮᠤᠩᠭᠤᠯ ᠤᠨ ︽ᠰᠠᠷᠠᠭᠤᠯ ᠶᠠᠪᠤᠬᠤ︾ ᠨᠡᠶᠢᠭᠡᠮ ᠨᠡᠶᠢᠳᠡ ᠶᠢᠨ | ᠠᠰᠠᠷᠠᠮᠵᠢ ᠶᠢᠨ ᠬᠦᠳᠡᠯᠭᠡᠭᠡᠨ ᠵᠢᠴᠢ ᠪᠠᠴᠢᠮ ᠠᠷᠭᠠᠴᠠᠵᠦ ᠠᠪᠤᠷᠠᠨ ᠲᠤᠰᠠᠯᠠᠬᠤ ᠭᠠᠵᠠᠷ ᠵᠡᠷᠭᠡ ᠠᠷᠠᠳ ᠤᠨ | ᠠᠮᠢᠳᠤᠷᠠᠯ ᠤᠨ ᠲᠦᠷᠦᠯ ᠵᠦᠢᠯ ᠳᠤ ᠬᠡᠷᠡᠭᠯᠡᠨ᠎ᠡ᠃ ᠨᠡᠶᠢᠳᠡ ᠶᠢᠨ ᠢᠲᠡᠭᠡᠮᠵᠢ ᠶᠢᠨ ᠪᠦᠲᠦᠭᠡᠨ ᠪᠠᠢᠭᠤᠯᠤᠯᠲᠠ ᠪᠠᠨ | ᠴᠢᠩᠭᠠᠳᠬᠠᠵᠦ᠂ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠠᠨᠳᠢᠪᠯᠠᠭᠰᠠᠨ ᠮᠦᠩᠬᠦ ᠶᠢᠨ ᠬᠦᠯᠢᠶᠡᠨ ᠠᠪᠬᠤ᠂ | ᠬᠠᠮᠢᠶᠠᠷᠬᠤ᠂ ᠬᠡᠷᠡᠭᠯᠡᠬᠦ ᠶᠢ ᠴᠢᠩᠭ᠎ᠠ ᠬᠢᠨᠠᠮᠭᠠᠢ ᠰᠠᠶᠢᠳᠤᠷ ᠬᠢᠨ᠎ᠡ᠃ ᠲᠤᠲᠤᠭᠠᠲᠤ ᠶᠢᠨ ᠦᠪᠡᠷ ᠢ ᠪᠠᠨ ᠱᠠᠭᠠᠷᠲᠠᠬᠤ | ᠲᠤᠭᠲᠠᠴᠠ ᠪᠠᠨ ᠴᠢᠩᠭᠠᠷᠠᠭᠤᠯᠵᠦ᠂ ᠠᠵᠢᠯ ᠤᠨ ᠢᠯᠡ ᠲᠤᠳᠤ ᠶᠢᠨ ᠬᠡᠮᠵᠢᠶ᠎ᠡ ᠶᠢ ᠨᠡᠮᠡᠭᠳᠡᠭᠦᠯᠵᠦ᠂ ᠨᠡᠶᠢᠭᠡᠮ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠲᠧᠯᠸᠢᠰ᠂ ᠰᠤᠨᠢᠨ ᠰᠡᠳᠭᠦᠯ᠂ ᠰᠦᠯᠵᠢᠶ᠎ᠡ ᠵᠡᠷᠭᠡ | ᠵᠠᠭᠤᠴᠢ ᠳᠤ ᠬᠠᠨᠳᠢᠪᠯᠠᠭᠰᠠᠨ ᠮᠦᠩᠬᠦ ᠶᠢᠨ ᠬᠦᠯᠢᠶᠡᠨ ᠠᠪᠴᠦ ᠬᠡᠷᠡᠭᠯᠡᠭᠰᠡᠨ ᠪᠠᠶᠢᠳᠠᠯ ᠢ ᠴᠠᠭ ᠲᠤᠬᠠᠢ ᠳᠤᠨᠢ | ᠨᠡᠶᠢᠳᠡᠯᠡᠵᠦ᠂ ᠲᠤᠰᠠᠯᠠᠭᠰᠠᠨ ᠬᠦᠮᠦᠰ ᠢ ᠰᠠᠨᠠᠭ᠎ᠠ ᠠᠮᠦᠷ ᠪᠠᠶᠢᠯᠭᠠᠵᠦ᠂ ᠲᠤᠰᠠ ᠬᠦᠷᠲᠡᠭᠰᠡᠨ ᠬᠦᠮᠦᠰ ᠢ ᠰᠡᠳᠬᠢᠯ | ᠬᠠᠨᠤᠮᠵᠢᠲᠠᠢ ᠪᠠᠶᠢᠯᠠᠭᠠᠨ᠎ᠠ᠃ ᠪᠡᠯᠡ ᠮᠦᠩᠬᠦ ᠴᠤᠭᠯᠠᠭᠤᠯᠬᠤ ᠴᠢᠳᠠᠪᠦᠷᠢ ᠶᠢᠨ ᠪᠦᠲᠦᠭᠡᠨ ᠪᠠᠶᠢᠭᠤᠯᠤᠯᠳᠠ ᠪᠠᠨ | ᠴᠢᠩᠭᠠᠳᠬᠠᠵᠦ᠂ ᠠᠵᠢᠯᠯᠠᠬᠤ ᠠᠷᠭ᠎ᠠ ᠮᠠᠶ᠋ᠢᠭ ᠢᠶᠠᠨ ᠢᠳᠡᠪᠬᠢᠲᠡᠢ ᠰᠢᠨᠡᠴᠢᠯᠡᠵᠦ᠂ ᠪᠡᠯᠡ ᠮᠦᠩᠬᠦ ᠴᠤᠭᠯᠠᠭᠤᠯᠬᠤ | ᠠᠷᠭ᠎ᠠ ᠵᠠᠮ ᠢᠶᠠᠨ ᠦᠷᠭᠡᠳᠭᠡᠵᠦ᠂ ᠪᠡᠯᠡ ᠮᠦᠩᠬᠦ ᠴᠤᠭᠯᠠᠭᠤᠯᠬᠤ ᠴᠢᠳᠠᠪᠦᠷᠢ ᠪᠠᠨ ᠲᠡᠭᠡᠭᠰᠢᠯᠡᠭᠦᠯᠵᠦ᠂ ᠨᠡᠶᠢᠭᠡᠮ ᠤᠨ | ᠡᠯ᠎ᠡ ᠡᠲᠡᠭᠡᠳ ᠤᠨ ᠬᠦᠴᠦᠨ ᠢ ᠲᠠᠶᠢᠴᠢᠯᠠᠵᠦ᠂ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠨᠡᠶᠢᠳᠡ ᠳᠤ ᠠᠰᠢᠭᠲᠠᠢ | ᠦᠢᠯᠡᠰ ᠲᠤ ᠤᠷᠤᠯᠴᠠᠵᠦ᠂ ᠬᠠᠮᠤᠭ ᠠᠴᠠ ᠢᠯᠡᠭᠦᠦ ᠠᠪᠤᠷᠠᠨ ᠲᠤᠰᠠᠯᠠᠬᠤ ᠴᠢᠬᠤᠯᠲᠠᠢ ᠬᠦᠴᠢᠷᠳᠡᠯᠲᠡᠢ ᠤᠯᠠᠨ | ᠲᠦᠮᠡᠨ ᠠᠪᠤᠷᠠᠯᠲᠠ ᠲᠤᠰᠠᠯᠠᠮᠵᠢ ᠤᠯᠵᠦ ᠬᠦᠷᠳᠡᠬᠦ ᠶᠢ ᠪᠠᠲᠤᠯᠠᠵᠦ᠂ ᠨᠢᠭᠦᠯᠡᠰᠦᠩᠭᠦᠢ ᠶᠢᠨ ᠮᠦᠩᠬᠦ ᠶᠢ ᠰᠠᠶᠢᠳᠤᠷ | ᠬᠡᠷᠡᠭᠯᠡᠵᠦ᠂ ᠰᠠᠶᠢᠨᠶᠠᠪᠤᠲᠠᠯ ᠢ ᠰᠠᠶᠢᠳᠤᠷ ᠪᠦᠲᠦᠭᠡᠵᠦ᠂ ᠨᠡᠶᠢᠭᠡᠮᠤᠨ ᠦᠷ᠎ᠡ ᠠᠰᠢᠭ ᠢ ᠬᠠᠮᠤᠭ ᠤᠨ ᠶᠡᠭᠡ ᠪᠠᠷ | ᠪᠠᠳᠠᠷᠠᠭᠤᠯᠤᠨ᠎ᠠ᠃ ᠬᠢᠨᠠᠨ ᠪᠤᠳᠤᠬᠤ ᠰᠠᠯᠠᠭ᠎ᠠ ᠮᠦᠴᠢᠷ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠨᠢᠭᠦᠯᠡᠰᠦᠩᠭᠦᠢ ᠶᠢᠨ ᠮᠦᠩᠬᠦ ᠬᠦᠯᠢᠶᠡᠨ ᠠᠪᠴᠦ ᠬᠠᠮᠢᠶᠠᠷᠬᠤ ᠪᠠ ᠬᠡᠷᠡᠭᠯᠡᠭᠰᠡᠨ ᠪᠠᠶᠢᠳᠠᠯ ᠳᠤ ᠲᠤᠰᠬᠠᠢ ᠬᠢᠨᠠᠨ | ᠪᠤᠳᠤᠯᠲᠠ ᠬᠢᠬᠦ ᠪᠦᠭᠡᠳ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭᠠᠨ ᠤ ᠨᠡᠶᠢᠳᠡ | ᠶᠢᠨ ᠢᠲᠡᠭᠡᠮᠵᠢ ᠶᠢ ᠦᠨᠡᠨᠬᠦ ᠲᠡᠭᠡᠭᠰᠢᠯᠡᠭᠦᠯᠦᠨ᠎ᠡ᠃ | 2018 ᠤᠨ ᠤ ᠮᠠᠨ ᠤ ᠬᠤᠲᠠ ᠶᠢᠨ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠠᠵᠢᠯᠯᠠᠭ᠎ᠠ 5 ᠰᠠᠷ᠎ᠠ ᠶᠢᠨ 7 ᠤ ᠡᠳᠦᠷ ᠠᠴᠠ ᠡᠬᠢᠯᠡᠨ 9 ᠰᠠᠷ᠎ᠠ ᠶᠢᠨ ᠡᠴᠦᠰ ᠲᠤ ᠲᠡᠭᠦᠰᠦᠨ᠎ᠡ᠃ ᠡᠯ᠎ᠡ ᠰᠢᠶᠠᠩ | ᠪᠠᠯᠭᠠᠰᠦ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠤᠳ ᠬᠠᠷᠢᠶᠠᠲᠦ ᠡᠯ᠎ᠡ ᠵᠦᠪᠯᠡᠯ᠂ ᠡᠯ᠎ᠡ ᠠᠷᠠᠳ ᠤᠨ | ᠪᠦᠯᠬᠦᠮ᠂ ᠡᠯ᠎ᠡ ᠠᠵᠦ ᠠᠬᠤᠢᠯᠠᠯ ᠠᠵᠢᠯ ᠦᠢᠯᠡᠰ ᠤᠨ ᠨᠢᠭᠡᠴᠢ ︵ᠰᠢᠭᠤᠤᠳ ᠬᠠᠮᠢᠶᠠᠷᠤᠯᠲᠠ ᠶᠢᠨ ᠨᠢᠭᠡᠴᠢ ᠶᠢ | ᠪᠠᠭᠲᠠᠭᠠᠨ᠎ᠠ︶ ᠶᠢᠨ ᠲᠤᠰᠠᠯᠠᠪᠤᠷᠢ ᠮᠦᠩᠬᠦ ᠪᠠᠨ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ | ᠨᠢᠭᠡᠲᠦᠯᠲᠡᠢ ᠲᠤᠰᠢᠶᠠᠨ᠎ᠠ᠃ | ᠳᠠᠩᠰᠠ ᠪᠠᠶᠢᠭᠤᠯᠬᠤ ᠨᠢᠭᠡᠴᠢ᠄ ᠹᠧᠩᠵᠧᠨ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ | ᠳᠠᠩᠰᠠ ᠪᠠᠶᠢᠭᠤᠯᠬᠤ ᠪᠠᠩᠬᠢ : ᠲᠤᠮᠳᠠᠳᠤ ᠤᠯᠤᠰ ᠤᠨ ᠦᠢᠯᠡᠳᠪᠦᠷᠢ ᠬᠤᠲᠠᠯᠳᠤᠭᠠᠨ ᠤ ᠪᠠᠩᠬᠢ ᠶᠢᠨ | ᠹᠧᠩᠵᠧᠨ ᠬᠤᠲᠠᠨ ᠳᠠᠬᠢ ᠰᠠᠯᠪᠤᠷᠢ ᠪᠠᠩᠬᠢ | ᠵᠤᠭᠤᠰ ᠲᠤᠰᠠᠯᠠᠬᠤ ᠲᠤᠰᠬᠠᠢ ᠡᠷᠦᠬᠡ ᠶᠢᠨ ᠳᠠᠩᠰᠠᠨ ᠨᠤᠮᠧᠷ : 0611070909226432727 | ᠬᠠᠷᠢᠯᠴᠠᠬᠤ ᠬᠦᠮᠦᠨ : ᠯᠢᠦ ᠢᠤᠶ ᠴᠢᠶᠠᠨ᠂ ᠵᠠᠩ ᠵᠢᠶᠧ | ᠬᠠᠷᠢᠯᠴᠠᠬᠤ ᠤᠲᠠᠰᠦ : 0474-3265738᠂ 13947476953 | ᠬᠠᠶ᠋ᠢᠭ᠄ ᠹᠧᠩᠵᠧᠨ ᠬᠤᠲᠠ ᠶᠢᠨ ᠰᠢᠨ᠎ᠡ ᠲᠤᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ 4 ᠳ᠋ᠤᠭᠡᠷ | ᠲᠠᠪᠬᠤᠷᠭ᠎ᠠ | ᠡᠭᠦᠨ ᠤ ᠲᠤᠯᠠ ᠮᠡᠳᠡᠭᠳᠡᠪᠠ︕ | 2018 ᠤᠨ ᠤ 5 ᠰᠠᠷ᠎ᠠ ᠶᠢᠨ 7 ᠤ ᠡᠳᠦᠷ | |