ᠹᠧᠩᠵᠧᠨ ᠬᠤᠲᠠ ᠶᠢᠨ ᠦᠮᠴᠢᠲᠡᠳ ᠤᠨ ᠵᠦᠪᠯᠡᠯ ᠤᠨ ᠠᠵᠢᠯ ᠢ ᠲᠦᠷᠭᠡᠳᠭᠡᠨ ᠠᠬᠢᠭᠤᠯᠵᠦ ᠵᠤᠬᠢᠶᠠᠨ ᠪᠠᠶᠢᠭᠤᠯᠤᠨ ᠬᠦᠭᠵᠢᠭᠦᠯᠬᠦ ᠲᠦᠰᠦᠯ
ᠨᠡᠶᠢᠲᠡᠯᠡᠭᠰᠡᠨ ᠴᠠᠭ᠄
2018-07-25
             ᠹᠧᠩᠵᠧᠨ ᠬᠤᠲᠠ ᠶᠢᠨ ᠦᠮᠴᠢᠲᠡᠳ ᠤᠨ ᠵᠦᠪᠯᠡᠯ ᠤᠨ ᠠᠵᠢᠯ ᠢ              ᠲᠦᠷᠭᠡᠳᠭᠡᠨ ᠠᠬᠢᠭᠤᠯᠵᠦ ᠵᠤᠬᠢᠶᠠᠨ ᠪᠠᠶᠢᠭᠤᠯᠤᠨ ᠬᠦᠭᠵᠢᠭᠦᠯᠬᠦ ᠲᠦᠰᠦᠯ    ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦ ᠤᠷᠤᠨ ‍ᠤ‌ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠡᠯᠡᠯᠴᠡᠭᠡ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠮᠴᠢᠳᠡᠳ ᠤᠨ ᠵᠦᠪᠯᠡᠯ ᠢ ᠵᠤᠬᠢᠶᠠᠨ ᠪᠠᠶᠢᠭᠤᠯᠬᠤ ᠳᠤ ᠬᠦᠴᠢᠷ᠂ ᠦᠮᠴᠢᠳᠡᠳ ᠤᠨ ᠵᠦᠪᠯᠡᠯ ᠤᠨ ᠪᠠᠶᠢᠭᠤᠯᠤᠭᠳᠠᠬᠤ ᠨᠤᠷᠮ᠎ᠠ ᠳᠤᠤᠷ᠎ᠠ ᠪᠠᠶᠢᠭ᠎ᠠ ᠪᠠᠶᠢᠳᠠᠯ ᠢ ᠦᠭᠡᠷᠡᠴᠢᠯᠡᠭᠦ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠠᠳᠠᠯ ᠠᠬᠤᠢ ᠶᠢᠨ ᠬᠠᠮᠢᠶᠠᠷᠤᠯᠲᠠ ᠶᠢᠨ ᠲᠤᠭᠲᠠᠭᠠᠯ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠲᠤᠭᠲᠠᠭᠠᠯ︾ ᠢ ᠪᠠᠷᠢᠮᠳᠠᠯᠠᠵᠦ᠂ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠭᠢᠮ ᠠᠴᠠ ᠪᠦᠢᠬᠦ ᠤᠷᠤᠨ ᠤ ᠬᠡᠪᠴᠢᠶᠡᠨ ᠳᠤ ᠦᠮᠴᠢᠳᠡᠳ ᠤᠨ ᠵᠦᠪᠯᠡᠯ ᠤᠨ ᠠᠵᠢᠯ ᠢ ᠦᠷᠭᠡᠳᠭᠡᠨ ᠠᠬᠢᠭᠤᠯᠵᠦ᠂ ᠵᠤᠬᠢᠶᠠᠨ ᠪᠠᠶᠢᠭᠤᠯᠬᠤ ᠪᠠᠷ ᠲᠤᠭᠲᠠᠪᠠ᠃ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠠᠷᠠᠳ ᠤᠨ ᠶᠠᠪᠤᠳᠠᠯ ᠤᠨ ᠲᠢᠩᠭᠢᠮ ᠤᠨ ︽ᠦᠮᠴᠢᠲᠡᠳ ᠤᠨ ᠵᠦᠪᠯᠡᠯ ᠤᠨ ᠠᠵᠢᠯ ᠢ ᠦᠷᠭᠡᠳᠭᠡᠨ ᠠᠬᠢᠭᠤᠯᠵᠦ ᠵᠤᠬᠢᠶᠠᠨ ᠪᠠᠶᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠠᠢ ᠲᠠᠢ ᠤᠶᠠᠯᠳᠤᠭᠤᠯᠵᠦ᠂ ᠤᠨᠴᠠᠭᠠᠶᠢᠯᠠᠨ ᠲᠤᠰ ᠲᠦᠰᠦᠯ ᠢ ᠲᠤᠭᠲᠠᠭᠠᠪᠠ᠃    ᠨᠢᠭᠡ᠂ ᠴᠢᠬᠤᠯᠠ ᠤᠳᠬ᠎ᠠ ᠰᠠᠨᠠᠭ᠎ᠠ    ᠦᠮᠴᠢᠲᠡᠳ ᠤᠨ ᠵᠦᠪᠯᠡᠯ ᠪᠤᠯ ᠦᠷᠭᠡᠨ ᠤᠯᠠᠨ ᠦᠮᠴᠢᠲᠡᠨ ᠤ ᠲᠦᠯᠦᠭᠡᠯᠡᠭᠴᠢ ᠮᠦᠨ᠂ ᠲᠡᠷᠡ ᠨᠢ ᠦᠮᠴᠢᠲᠡᠨ ᠪᠠ ᠨᠡᠶᠢᠭᠡᠮ ᠲᠤᠭᠤᠷᠢᠭ ︵ᠰᠠᠭᠤᠭᠠᠯᠢ ᠠᠷᠠᠳ ᠤᠨ ᠵᠦᠪᠯᠡᠯ᠂ ᠠᠳᠠᠯ ᠠᠬᠤᠢ᠂ ᠢᠯᠴᠢ ᠬᠠᠩᠭᠠᠬᠤ᠂ ᠤᠰᠤ ᠬᠠᠩᠭᠠᠬᠤ︶ ᠲᠤ ᠬᠤᠯᠪᠤᠭᠳᠠᠯ ᠪᠦᠬᠦᠢ ᠨᠢᠭᠡᠴᠢ ᠲᠠᠢ ᠨᠡᠪᠲᠡᠷᠡᠯᠴᠡᠬᠦ ᠶᠢ ᠠᠬᠢᠭᠤᠯᠵᠦ᠂ ᠦᠮᠴᠢᠲᠡᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤᠮᠳᠠᠬᠢ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠦ᠂ ᠦᠮᠴᠢᠲᠡᠨ ᠪᠠ ᠠᠳᠠᠯ ᠠᠬᠤᠢ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠤᠭᠤᠷᠤᠨᠳᠤᠬᠢ ᠵᠦᠷᠢᠴᠡᠯ ᠢ ᠪᠠᠭᠠᠰᠬᠠᠬᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠠᠳᠠᠯ ᠠᠬᠤᠢ ᠶᠢᠨ ᠦᠢᠯᠡᠴᠢᠯᠡᠭᠡᠨ ᠤ ᠲᠦᠷᠦᠯ ᠵᠦᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠤᠷᠤᠯᠴᠠᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠢᠳᠡᠪᠬᠢ ᠴᠢᠬᠤᠯᠠ ᠦᠢᠯᠡᠳᠦᠯ  ᠲᠠᠢ ᠪᠠᠶᠢᠳᠠᠭ ᠠᠴᠠ ᠦᠮᠴᠢᠲᠡᠳ ᠤᠨ ᠵᠦᠪᠯᠡᠯ ᠤᠨ ᠠᠵᠢᠯ ᠢ ᠲᠦᠯᠬᠢᠨ ᠠᠬᠢᠭᠤᠯᠬᠤ ᠨᠢ ᠨᠡᠶᠢᠭᠡᠮ ᠤᠨ ᠲᠦᠪᠰᠢᠷᠡᠯ ᠪᠦᠯᠬᠦᠮᠳᠡᠯ ᠪᠠ ᠦᠮᠴᠢᠲᠡᠳ ᠤᠨ ᠠᠮᠢᠳᠤᠷᠠᠯ ᠤᠨ ᠵᠤᠯ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠭᠦᠯᠬᠦ ᠲᠠᠢ ᠬᠤᠯᠪᠤᠭᠳᠠᠵᠤ᠂ ᠡᠯ᠎ᠡ ᠰᠠᠯᠠᠭ᠎ᠠ ᠮᠦᠴᠢᠷ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠰᠠᠶᠢᠲᠤᠷ ᠠᠳᠬᠤᠬᠤ ᠬᠡᠷᠡᠭᠲᠡᠢ᠃    ᠬᠤᠶᠠᠷ᠂ ᠠᠵᠢᠯ ᠤᠨ ᠬᠠᠷᠠᠯᠲᠠ    ︵ᠨᠢᠭᠡ︶ 2018 ᠤᠨ ᠤ 4 ᠰᠠᠷ᠎ᠠ ᠶᠢᠨ 10 ᠤ ᠡᠳᠦᠷ ᠠᠴᠠ ᠡᠮᠦᠨ᠎ᠡ᠂ ᠪᠠᠶᠢᠳᠠᠯ ᠢ ᠤᠶᠢᠯᠠᠭᠠᠬᠤ ᠪᠤᠯᠤᠨ ᠤᠬᠠᠭᠤᠯᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠪᠡᠶᠡᠯᠡᠭᠦᠯᠬᠦ ᠬᠡᠷᠡᠭᠲᠡᠢ᠃    ︵ᠬᠤᠶᠠᠷ︶ 2018 ᠤᠨ ᠤ 10 ᠰᠠᠷ᠎ᠠ ᠶᠢᠨ 10 ᠤ ᠡᠳᠦᠷ ᠠᠴᠠ ᠡᠮᠦᠨ᠎ᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶᠠᠷᠤᠯᠲᠠ ᠶᠢᠨ ᠤᠷᠤᠨ ᠤ ᠲᠤᠲᠤᠷᠠᠬᠢ ᠤᠷᠤᠨ ᠰᠠᠭᠤᠴᠠ ᠶᠢᠨ ᠲᠤᠭᠤᠷᠢᠭ ᠤᠨ ᠦᠮᠴᠢᠲᠡᠳ ᠤᠨ ᠵᠦᠪᠯᠡᠯ ᠤᠨ ᠪᠠᠶᠢᠭᠤᠯᠬᠤ ᠨᠣᠷᠮ᠎ᠠ ᠶᠢ 40% ᠳᠤ ᠬᠦᠷᠭᠡᠬᠦ ᠬᠡᠷᠡᠭᠲᠡᠢ᠃    ︵ᠭᠤᠷᠪᠠ︶ 2018 ᠤᠨ ᠤ 11 ᠰᠠᠷ᠎ᠠ ᠶᠢᠨ 1 ᠤ ᠡᠳᠦᠷ ᠠᠴᠠ ᠡᠮᠦᠨ᠎ᠡ᠂ ᠡᠯ᠎ᠡ ᠬᠡᠷᠡᠭ ᠡᠷᠬᠢᠯᠡᠬᠦ ᠭᠠᠵᠠᠷ ᠠᠴᠠ ᠲᠤᠰ ᠤᠷᠤᠨ ᠤ ᠬᠠᠷᠢᠶᠠᠨ ᠳᠠᠬᠢ ᠦᠮᠴᠢᠲᠡᠳ ᠤᠨ ᠵᠦᠪᠯᠡᠯ ᠢ ᠵᠤᠬᠢᠶᠠᠨ ᠪᠠᠶᠢᠭᠤᠯᠤᠭᠰᠠᠨ ᠪᠠᠶᠢᠳᠠᠯ ᠵᠢᠴᠢ ᠤᠷᠤᠰᠢᠵᠦ ᠪᠠᠶᠢᠭ᠎ᠠ ᠠᠰᠠᠭᠤᠳᠠᠯ ᠢ ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ    ︵ᠨᠢᠭᠡ︶ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠷᠢᠶ᠎ᠠ ᠨᠡᠶᠢᠭᠡᠮ ᠲᠤᠭᠤᠷᠢᠭ ᠨᠢ ᠲᠤᠰ ᠤᠷᠤᠨ ᠤ ᠬᠠᠷᠢᠶᠠᠨ ᠳᠠᠬᠢ ᠦᠮᠴᠢᠲᠡᠳ ᠤᠨ ᠵᠦᠪᠯᠡᠯ ᠤᠨ ᠠᠵᠢᠯ ᠢᠶᠠᠨ ᠵᠤᠬᠢᠶᠠᠨ ᠪᠠᠶᠢᠭᠤᠯᠬᠤ ᠡᠬᠢᠨ ᠤ ᠬᠤᠭᠤᠴᠠᠭ᠎ᠠ ᠪᠠ ᠬᠤᠶᠢᠰᠢᠲᠠ ᠶᠢᠨ ᠬᠢᠨᠠᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ ᠨᠡᠶᠢᠭᠡᠮ ᠲᠤᠭᠤᠷᠢᠭ ᠤᠨ ᠠᠵᠢᠯ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠠᠨ ᠳᠤᠲᠤᠷ᠎ᠠ᠂ ᠠᠳᠠᠯ ᠠᠬᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠬᠠᠪᠰᠤᠷᠤᠨ ᠡᠨᠡᠬᠦ ᠠᠵᠢᠯ ᠢ ᠠᠬᠢᠭᠤᠯᠬᠤ ᠬᠡᠷᠡᠭᠲᠡᠢ᠃    ︵ᠬᠤᠶᠠᠷ︶ ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ ᠠᠴᠠ ᠪᠦᠬᠦ ᠬᠤᠲᠠ ᠶᠢᠨ ᠤᠷᠤᠨ ᠰᠠᠭᠤᠴᠠ ᠶᠢᠨ ᠲᠤᠭᠤᠷᠢᠭ ᠤᠨ ᠦᠮᠴᠢᠲᠡᠳ ᠢ ᠬᠠᠷᠢᠭᠤᠴᠠᠨ ᠵᠢᠯᠤᠭᠤᠳᠴᠤ᠂ ᠦᠮᠴᠢᠲᠡᠳ ᠤᠨ ᠶᠡᠭᠡ ᠬᠤᠷᠠᠯ ᠢ ᠪᠠᠶᠢᠭᠤᠯᠵᠦ᠂ ᠰᠤᠩᠭᠤᠭᠤᠯᠢ ᠪᠠᠷ ᠳᠠᠮᠵᠢᠨ ᠦᠮᠴᠢᠲᠡᠳ ᠤᠨ ᠵᠦᠪᠯᠡᠯ ᠢ ᠪᠤᠢ ᠪᠤᠯᠭᠠᠨ᠎ᠠ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠤᠭᠤᠷᠢᠭ ᠠᠴᠠ ᠨᠡᠪᠲᠡᠷᠡᠯᠴᠡᠨ ᠵᠤᠬᠢᠴᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠵᠠᠰᠠᠭ ᠵᠠᠬᠢᠷᠭᠠᠨ ᠤ  ᠬᠡᠪᠴᠢᠶᠡᠨ ᠳᠠᠬᠢ ᠬᠠᠮᠢᠶ᠎ᠠ ᠪᠦᠬᠦᠢ ᠨᠢᠭᠡᠴᠢ ᠲᠠᠢ ᠨᠡᠪᠲᠡᠷᠡᠯᠴᠡᠬᠦ ᠠᠵᠢᠯ ᠢ ᠬᠠᠷᠢᠭᠤᠴᠠᠨ ᠵᠤᠬᠢᠴᠠᠭᠤᠯᠬᠤ ᠬᠡᠷᠡᠭᠲᠡᠢ᠃    ︵ᠭᠤᠷᠪᠠ︶ ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠵᠡᠷᠭᠡ ᠬᠤᠯᠪᠤᠭᠳᠠᠯ ᠪᠦᠬᠦᠢ ᠨᠢᠭᠡᠴᠢ ᠠᠳᠠᠯ ᠠᠬᠤᠢ ᠶᠢᠨ ᠬᠠᠮᠢᠶᠠᠷᠤᠯᠲᠠ ᠶᠢᠨ ᠬᠡᠪᠴᠢᠶᠡᠨ ᠳᠤ ᠰᠠᠭᠤᠵᠦ ᠪᠠᠶᠢᠭ᠎ᠠ ᠦᠮᠴᠢᠲᠡᠳ ᠤᠨ ᠵᠦᠪᠯᠡᠯ ᠤᠨ ᠪᠤᠳᠠᠳᠠᠢ ᠤᠬᠠᠭᠤᠯᠬᠤ ᠪᠠ ᠵᠤᠬᠢᠶᠠᠨ ᠪᠠᠶᠢᠭᠤᠯᠬᠤ ᠠᠵᠢᠯ ᠢ ᠬᠠᠮᠲᠤᠪᠡᠷ ᠪᠡᠶᠡᠯᠡᠭᠦᠯᠬᠦ ᠬᠡᠷᠡᠭᠲᠡᠢ᠃    ᠲᠦᠷᠪᠠ᠂ ᠬᠠᠮᠢᠶᠠᠷᠴᠤ ᠬᠢᠨᠠᠯᠲᠠ ᠲᠠᠯᠪᠢᠬᠤ    ︵ᠨᠢᠭᠡ︶ ᠲᠤᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠲᠤᠭᠲᠠᠴᠠ ᠶᠢ ᠪᠠᠶᠢᠭᠤᠯᠬᠤ ᠬᠡᠷᠡᠭᠲᠡᠢ᠃    ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠨᠡᠶᠢᠭᠡᠮ ᠲᠤᠭᠤᠷᠢᠭ ᠠᠴᠠ ᠤᠯᠠᠨ ᠵᠦᠢᠯ ᠤᠨ ᠬᠡᠯᠪᠡᠷᠢ ᠪᠠᠷ ᠦᠷᠭᠡᠨ ᠤᠯᠠᠨ ᠦᠮᠴᠢᠲᠡᠳ ᠢ ᠵᠤᠬᠢᠶᠠᠨ ᠪᠠᠶᠢᠭᠤᠯᠵᠦ᠂ ᠲᠤᠰ ᠠᠳᠠᠯ ᠠᠬᠤᠢ ᠶᠢᠨ ᠬᠠᠮᠢᠶᠠᠷᠤᠯᠲᠠ ᠶᠢᠨ ᠤᠷᠤᠨ ᠲᠤᠭᠤᠷᠢᠭ ᠤᠨ ᠦᠮᠴᠢᠲᠡᠳ ᠤᠨ ᠵᠦᠪᠯᠡᠯ ᠤᠨ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ ᠪᠠᠶᠢᠭ᠎ᠠ ᠪᠠᠶᠢᠳᠠᠯ ᠢ ᠲᠤᠭᠲᠠᠮᠠᠯ ᠬᠤᠭᠤᠴᠠᠭ᠎ᠠ  ᠲᠠᠢ ᠪᠠᠷ ᠬᠢᠨᠠᠨ ᠰᠢᠯᠭᠠᠬᠤ ᠮᠦᠷᠲᠡᠭᠡᠨ ᠬᠢᠨᠠᠨ ᠰᠢᠯᠭᠠᠭᠰᠠᠨ ᠦᠷ᠎ᠡ ᠳ᠋ᠦᠩ ᠢᠶᠠᠨ ᠠᠳᠠᠯ ᠠᠬᠤᠢ ᠶᠢᠨ ᠬᠠᠮᠢᠶᠠᠷᠤᠯᠲᠠ ᠶᠢᠨ ᠤᠷᠤᠨ ᠲᠤᠭᠤᠷᠢᠭ ᠳᠤᠲᠤᠷ᠎ᠠ ᠵᠠᠷᠯᠠᠨ ᠨᠡᠶᠢᠲᠡᠯᠡᠬᠦ ᠬᠡᠷᠡᠭᠲᠡᠢ᠃ ᠦᠮᠴᠢᠲᠡᠳ ᠤᠨ ᠶᠡᠭᠡ ᠬᠤᠷᠠᠯ ᠢ ᠵᠢᠯᠤᠭᠤᠳᠴᠤ ᠡᠭᠦᠷᠭᠡ ᠬᠠᠷᠢᠭᠤᠴᠠᠯᠭ᠎ᠠ ᠶᠢᠨ ᠴᠢᠳᠠᠪᠤᠷᠢ ᠪᠦᠷᠢᠯᠳᠦᠭᠰᠡᠨ ᠦᠭᠡᠢ ᠪᠠ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠦᠮᠴᠢᠲᠡᠳ ᠤᠨ ᠵᠦᠪᠯᠡᠯ ᠤᠨ ᠭᠡᠰᠢᠭᠦᠳ ᠠᠴᠠ ᠰᠤᠯᠢᠵᠦ ᠪᠤᠯᠬᠤ ᠬᠦᠮᠦᠨ ᠢ ᠲᠤᠭᠲᠠᠭᠠᠨ᠎ᠠ᠃    ︵ᠬᠤᠶᠠᠷ︶ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠢᠨᠠᠯᠲᠠ ᠲᠠᠯᠪᠢᠬᠤ ᠲᠤᠭᠲᠠᠴᠠ ᠶᠢ ᠪᠠᠶᠢᠭᠤᠯᠬᠤ ᠬᠡᠷᠡᠭᠲᠡᠢ᠃    ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠵᠢᠨ᠂ ᠦᠮᠴᠢᠲᠡᠳ ᠤᠨ ᠵᠦᠪᠯᠡᠯ ᠤᠨ ᠠᠵᠢᠯ ᠤᠨ ᠦᠷᠨᠢᠯᠲᠡ ᠶᠢ ᠵᠢᠯᠤᠭᠤᠳᠤᠨ ᠬᠢᠨᠠᠯᠲᠠ ᠲᠠᠯᠪᠢᠨ᠎ᠠ᠃ ᠰᠠᠭᠤᠭᠠᠯᠢ ᠠᠷᠠᠳ ᠤᠨ ᠬᠤᠷᠠᠯ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ ᠲᠤᠭᠲᠠᠭᠠᠯ ᠭᠠᠷᠭᠠᠬᠤ ᠴᠢᠬᠤᠯᠠ ᠲᠠᠢ ᠦᠶ᠎ᠡ ᠳᠤ᠂ ᠴᠠᠭ ᠲᠤᠬᠠᠢ ᠳᠤᠨᠢ ᠦᠮᠴᠢᠲᠡᠳ ᠤᠨ ᠵᠦᠪᠯᠡᠯ ᠤᠨ ᠭᠡᠰᠢᠭᠦᠳ ᠲᠤ ᠬᠤᠷᠠᠯ ᠳᠤ ᠰᠤᠯᠠ ᠤᠷᠤᠯᠴᠠᠬᠤ ᠪᠠᠷ ᠮᠡᠳᠡᠭᠳᠡᠵᠦ᠂ ᠦᠮᠴᠢᠲᠡᠳ ᠤᠨ ᠶᠡᠭᠡ ᠬᠤᠷᠠᠯ ᠠᠴᠠ ᠲᠤᠭᠲᠠᠭᠠᠯ ᠭᠠᠷᠭᠠᠬᠤ ᠴᠢᠬᠤᠯᠠ ᠲᠠᠢ ᠤᠴᠢᠷ ᠶᠠᠪᠤᠳᠠᠯ ᠢ ᠦᠮᠴᠢᠲᠡᠳ ᠤᠨ ᠵᠦᠪᠯᠡᠯ ᠠᠴᠠ ᠴᠠᠭ ᠲᠤᠬᠠᠢ ᠳᠤᠨᠢ ᠶᠡᠭᠡ ᠬᠤᠷᠠᠯ ᠢ ᠵᠤᠬᠢᠶᠠᠨ ᠪᠠᠶᠢᠭᠤᠯᠵᠦ ᠬᠤᠷᠠᠯᠳᠤᠭᠤᠯᠬᠤ ᠶᠢ ᠰᠠᠨᠠᠭᠤᠯᠬᠤ ᠬᠡᠷᠡᠭᠲᠡᠢ᠃ ᠦᠮᠴᠢᠲᠡᠳ ᠤᠨ ᠵᠦᠪᠯᠡᠯ ᠨᠢ ᠬᠤᠯᠪᠤᠭᠳᠠᠯ ᠪᠦᠬᠦᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠦᠪᠡᠷᠲᠡᠭᠡᠨ ᠵᠠᠰᠠᠬᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠵᠦ᠂ ᠦᠮᠴᠢᠲᠡᠳ ᠤᠨ ᠵᠦᠪᠯᠡᠯ ᠤᠨ ᠬᠤᠷᠠᠯᠳᠤᠭᠠᠨ ᠢ ᠬᠤᠷᠠᠯᠳᠤᠭᠤᠯᠬᠤ ᠶᠢ ᠢᠳᠡᠪᠬᠢᠲᠡᠢ ᠪᠠᠷ ᠬᠠᠮᠵᠢᠯᠴᠠᠬᠤ ᠬᠡᠷᠡᠭᠲᠡᠢ᠃ ᠬᠤᠯᠪᠤᠭᠳᠠᠯ ᠪᠦᠬᠦᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠮᠡᠳᠡᠭᠳᠡᠬᠦ ᠪᠦᠭᠡᠳ ᠰᠠᠨᠠᠯ ᠢ ᠨᠢ ᠰᠤᠨᠤᠰᠬᠤ ᠬᠡᠷᠡᠭᠲᠡᠢ᠃ ᠦᠮᠴᠢᠲᠡᠳ ᠤᠨ ᠵᠦᠪᠯᠡᠯ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠠᠴᠠ ᠵᠦᠷᠢᠴᠡᠭᠰᠡᠨ ᠲᠤᠭᠲᠠᠭᠠᠯ ᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠠᠨᠠᠭᠤᠯᠵᠦ ᠬᠦᠴᠦᠨ ᠦᠭᠡᠢ ᠪᠤᠯᠭᠠᠵᠦ ᠪᠤᠯᠤᠨ᠎ᠠ᠃    ︵ᠭᠤᠷᠪᠠ︶ ᠢᠲᠡᠭᠡᠮᠵᠢ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃    ᠦᠮᠴᠢᠲᠡᠳ ᠤᠨ ᠵᠦᠪᠯᠡᠯ ᠤᠨ ᠭᠡᠰᠢᠭᠦᠳ ᠤᠨ ᠦᠢᠯᠡ ᠠᠵᠢᠯᠯᠠᠭ᠎ᠠ ᠶᠢ ᠢᠲᠡᠭᠡᠮᠵᠢ ᠪᠤᠯᠠᠭᠠᠨ ᠬᠡᠮᠵᠢᠶᠡᠯᠡᠵᠦ᠂ ᠬᠤᠪᠢ ᠪᠤᠳᠤᠬᠤ ᠶᠢ ᠰᠤᠳᠤᠯᠤᠨ ᠰᠦᠪᠡᠭᠴᠢᠯᠡᠵᠦ᠂ ᠵᠡᠭᠡᠯᠡᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠢᠭᠡᠯᠡᠯᠭᠡ ᠶᠢᠨ ᠬᠤᠪᠢ ᠶᠢᠨ ᠬᠡᠮᠵᠢᠭᠳᠡᠯ ᠳᠤ ᠦᠨᠡᠯᠡᠯᠲᠡ ᠬᠢᠬᠦ ᠶᠢ ᠬᠡᠷᠡᠭᠵᠢᠭᠦᠯᠬᠦ ᠪᠠᠷ ᠳᠠᠮᠵᠢᠨ᠂ ᠦᠮᠴᠢᠲᠡᠳ ᠤᠨ ᠵᠦᠪᠯᠡᠯ ᠳᠤ ᠡᠳᠦᠷ ᠲᠤᠲᠤᠮ ᠤᠨ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠤᠯᠪᠤᠭᠳᠠᠯ ᠪᠦᠬᠦᠢ ᠦᠮᠴᠢᠲᠡᠳ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠦᠯᠦᠭᠡ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠭᠲᠠᠮᠠᠯ ᠬᠤᠭᠤᠴᠠᠭ᠎ᠠ ᠲᠠᠢ ᠪᠠᠷ ᠬᠠᠷᠢᠶᠠᠨ ᠳᠠᠬᠢ ᠦᠮᠴᠢᠲᠡᠳ ᠤᠨ ᠵᠦᠪᠯᠡᠯ ᠤᠨ ᠭᠡᠰᠢᠭᠦᠳ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠳ᠋ᠤᠭᠠᠷ ᠢ ᠨᠡᠶᠢᠲᠡᠯᠡᠬᠦ ᠬᠡᠷᠡᠭᠲᠡᠢ᠂    ︵ᠳᠦᠷᠪᠠ︶ ᠲᠤᠰᠢᠶᠠᠯ ᠰᠤᠯᠪᠢᠴᠠᠨ ᠬᠠᠷᠢᠭᠤᠴᠠᠬᠤ ᠶᠢ ᠵᠤᠷᠢᠭᠵᠢᠭᠤᠯᠬᠤ ᠬᠡᠷᠡᠭᠲᠡᠢ᠃    ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠦᠮᠴᠢᠲᠡᠳ ᠤᠨ ᠵᠦᠪᠯᠡᠯ ᠪᠤᠯᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠦ᠂ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠦᠮᠴᠢᠲᠡᠳ ᠤᠨ ᠵᠦᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠡᠷᠡᠭ ᠵᠦᠪᠯᠡᠬᠦ ᠪᠠ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠦᠭᠦᠴᠡᠯ ᠳᠤ ᠨᠡᠶᠢᠴᠡᠬᠦ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠪᠦᠷᠢᠯᠳᠦᠬᠦᠨ ᠪᠠ ᠦᠮᠴᠢᠲᠡᠳ ᠤᠨ ᠵᠦᠪᠯᠡᠯ ᠤᠨ ᠪᠦᠷᠢᠯᠳᠦᠬᠦᠨ ᠨᠢ ᠬᠠᠤᠯᠢ ᠳᠤ ᠲᠤᠭᠲᠠᠭᠠᠭᠰᠠᠨ ᠵᠢᠷᠤᠮ ᠢᠶᠠᠷ ᠳᠠᠮᠵᠢᠨ ᠲᠤᠰᠢᠶᠠᠯ ᠰᠤᠯᠪᠢᠴᠠᠨ ᠬᠠᠷᠢᠭᠤᠴᠠᠬᠤ ᠶᠢ ᠲᠦᠯᠬᠢᠨ ᠠᠬᠢᠭᠤᠯᠤᠨ᠎ᠠ᠃    ︵ᠲᠠᠪᠤ︶ ᠤᠯᠠᠨ ᠲᠠᠯ᠎ᠠ ᠶᠢᠨ ᠬᠢᠨ ᠤᠷᠤᠯᠴᠠᠬᠤ ᠶᠢ ᠵᠤᠷᠢᠭᠵᠢᠭᠤᠯᠬᠤ ᠬᠡᠷᠡᠭᠲᠡᠢ᠃    ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠵᠡᠷᠭᠡ ᠮᠡᠷᠭᠡᠵᠢᠯ ᠤᠨ ᠬᠦᠮᠦᠰ ᠤᠨ ᠦᠮᠴᠢᠲᠡᠳ ᠤᠨ ᠵᠦᠪᠯᠡᠯ ᠤᠨ ᠭᠡᠰᠢᠭᠦᠨ ᠤ ᠰᠤᠩᠭᠤᠭᠤᠯᠢ ᠳᠤ ᠤᠷᠤᠯᠴᠠᠬᠤ᠂ ᠨᠡᠯᠢᠶᠡᠳ ᠦᠨᠳᠦᠷ ᠤᠯᠤᠰ ᠲᠦᠷᠦ ᠶᠢᠨ ᠤᠬᠠᠮᠰᠠᠷ  ᠲᠠᠢ᠂ ᠬᠠᠮᠢᠶᠠᠷᠤᠯᠲᠠ ᠶᠢᠨ ᠲᠤᠷᠰᠢᠯᠭ᠎ᠠ ᠪᠠᠷ ᠪᠠᠶᠠᠯᠢᠭ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠺᠠᠳ᠋ᠷ ᠵᠡᠷᠭᠡ ᠬᠦᠮᠦᠰ ᠦᠮᠴᠢᠲᠡᠳ ᠤᠨ ᠵᠦᠪᠯᠡᠯ ᠤᠨ ᠭᠡᠰᠢᠭᠦᠨ ᠪᠤᠯᠬᠤ ᠶᠢ ᠵᠤᠷᠢᠭᠵᠢᠭᠤᠯᠤᠨ᠎ᠠ᠃
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3