ᠡᠨᠡ ᠳᠦᠷᠪᠡᠨ ᠵᠦᠢᠯ ᠤᠨ ᠨᠣᠭᠤᠭ᠎ᠠ ᠶᠢ ᠦᠷᠭᠦᠯᠵᠢ ᠢᠳᠡᠪᠡᠯ ᠤᠷᠲᠤ ᠨᠠᠰᠤᠯᠠᠨ᠎ᠠ | | ᠬᠠᠶᠢᠳᠠᠢ ᠨᠣᠭᠤᠬ᠎ᠠ ᠴᠢᠰᠤᠨ ᠤ ᠥᠭᠡᠬᠦ ᠶᠢ ᠪᠠᠭᠤᠷᠠᠭᠤᠯᠤᠨ᠎ᠠ᠃ | ᠬᠠᠶᠢᠳᠠᠢ ᠨᠣᠭᠤᠭ᠎ᠠ ᠳᠤ ᠪᠦᠳᠦᠭᠦᠯᠢᠭ ᠤᠭᠤᠷᠠᠭ᠂ ᠰᠢᠬᠢᠷ᠂ ᠺᠠᠯᠼ ᠵᠡᠷᠭᠡ ᠡᠯᠪᠡᠭ ᠠᠭᠤᠯᠤᠭᠳᠠᠵᠤ᠂ | ᠠᠭᠤᠯᠤᠭᠳᠠᠴᠠ ᠨᠢ ᠦᠷᠭᠡᠰᠦᠲᠦ ᠨᠣᠭᠤᠭ᠎ᠠ᠂ ᠰᠢᠯᠢᠮᠳᠡᠭ ᠤᠨ ᠬᠡᠳᠦᠨ ᠳᠠᠬᠢᠨ ᠪᠠᠶᠢᠳᠠᠭ᠃ ᠪᠡᠭᠡᠵᠢᠩ ᠬᠤᠲᠠ ᠶᠢᠨ | ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠪᠡᠶ᠎ᠡ ᠰᠤᠪᠢᠯᠠᠬᠤ ᠲᠠᠰᠤᠭ ᠤᠨ ᠫᠷᠣᠹᠧᠰᠰᠣᠷ ᠵᠠᠩ ᠬᠡᠤ ᠳ᠋ᠧ | ᠵᠢᠭᠠᠵᠤ ᠭᠠᠷᠭᠠᠭᠰᠠᠨ ᠨᠢ᠂ ᠬᠠᠶᠢᠳᠠᠢ ᠨᠣᠭᠤᠭ᠎ᠠ ᠳᠤ ᠠᠭᠤᠯᠤᠭᠳᠠᠬᠤ ᠬᠦᠷᠡᠩ ᠵᠠᠮᠠᠭ ᠤᠨ ᠬᠦᠴᠢᠯ ᠤᠨ ᠨᠠᠲᠷᠢ ᠨᠢ | ᠴᠢᠰᠤᠨ ᠳᠠᠷᠤᠯᠲᠠ ᠶᠢ ᠳᠣᠷᠣᠭᠰᠢᠯᠠᠭᠤᠯᠬᠤ ᠦᠢᠯᠡᠳᠦᠯ ᠲᠠᠢ ᠪᠠᠷ ᠪᠠᠷᠠᠬᠤ ᠦᠭᠡᠢ ᠴᠢᠰᠤ ᠴᠠᠶᠢᠬᠤ ᠡᠪᠡᠳᠴᠢᠨ ᠪᠠ | ᠶᠠᠰᠤ ᠡᠪᠡᠳᠬᠦ ᠡᠪᠡᠳᠴᠢᠨ ᠢ ᠰᠡᠷᠭᠡᠶᠢᠯᠡᠬᠦ ᠳᠤ ᠪᠠᠰᠠ ᠵᠣᠬᠢᠬᠤ ᠦᠢᠯᠡᠳᠦᠯ ᠲᠠᠢ︔ ᠬᠠᠶᠢᠳᠠᠢ ᠨᠣᠭᠤᠭ᠎ᠠ ᠶᠢᠨ | ᠴᠠᠷᠳᠠᠭᠤᠯ ᠨᠢ ᠴᠢᠰᠤᠨ ᠤ ᠥᠭᠡᠬᠦ ᠶᠢ ᠪᠠᠭᠤᠷᠠᠭᠤᠯᠬᠤ ᠦᠢᠯᠡᠳᠦᠯ ᠲᠠᠢ᠂ ᠯᠤᠭᠰᠢᠭᠤᠨ ᠰᠤᠳᠠᠯ ᠤᠨ ᠬᠠᠲᠠᠭᠤᠵᠢᠯ ᠢ | ᠰᠡᠷᠭᠡᠶᠢᠯᠡᠬᠦ ᠪᠠ ᠰᠦᠰᠦᠨ ᠤ ᠭᠤᠨᠠᠨ ᠠᠯᠺᠤᠤᠯ ᠢ ᠪᠠᠭᠤᠷᠠᠭᠤᠯᠬᠤ ᠳᠤ ᠲᠤᠰᠠᠲᠠᠢ᠃ ︵ᠬᠤᠯᠢᠮᠠᠭ ᠬᠦᠢᠲᠡᠨ ᠵᠠᠭᠤᠰᠢ | ᠬᠢᠬᠦ ᠪᠤᠶᠤ ᠱᠦᠯᠦ ᠭᠠᠷᠭᠠᠵᠤ ᠢᠳᠡᠬᠦ ᠨᠢ ᠪᠠᠶᠢᠩᠭᠤ ᠶᠢᠨ ᠢᠳᠡᠬᠦ ᠠᠷᠭ᠎ᠠ ᠪᠤᠯᠪᠠᠴᠤ ᠳᠡᠯᠢᠬᠦᠦ ᠬᠤᠳᠣᠭᠤᠳᠤ ᠶᠢᠨ | ᠰᠡᠷᠢᠭᠦᠨ ᠬᠦᠢᠲᠡᠨ ᠲᠠᠢ ᠬᠦᠮᠦᠨ ᠪᠤᠶᠤ ᠵᠢᠷᠮᠦᠰᠦᠨ ᠡᠮᠡᠭᠳᠡᠢ ᠠᠷᠪᠢᠨ ᠢᠳᠡᠵᠦ ᠪᠣᠯᠬᠤ ᠦᠭᠡᠢ᠃︶ | ᠦᠨᠳᠡᠭᠡᠨ ᠮᠥᠭᠦ ᠤᠮᠠᠨ ᠡᠪᠡᠳᠴᠢᠨ ᠢ ᠰᠡᠷᠭᠡᠶᠢᠯᠡᠨ᠎ᠡ᠃ | ᠵᠠᠩ ᠬᠡᠤ ᠳ᠋ᠧ ᠬᠡᠯᠡᠭᠰᠡᠨ ᠨᠢ᠂ ᠥᠨᠳᠡᠭᠡᠨ ᠮᠥᠭᠦ ᠶᠢ ᠠᠷᠠᠳ ᠤᠨ ᠳᠤᠮᠳᠠ ᠶᠡᠷᠦ ᠳᠤ ᠪᠠᠨ ᠲᠣᠯᠣᠭᠠᠢ ᠡᠪᠡᠳᠬᠦ᠂ | ᠲᠣᠯᠣᠭᠠᠢ ᠡᠷᠭᠢᠬᠦ ᠶᠢ ᠵᠠᠰᠠᠬᠤ ᠳᠤ ᠬᠡᠷᠡᠭᠯᠡᠳᠡᠭ᠃ ᠣᠳᠣ ᠦᠶ᠎ᠡ ᠶᠢᠨ ᠰᠤᠳᠤᠯᠭᠠᠨ ᠢᠶᠠᠷ ᠳᠠᠮᠵᠢᠨ ᠥᠨᠳᠡᠭᠡᠨ | ᠮᠥᠭᠦ ᠨᠢ ᠬᠦᠮᠦᠨ ᠤ ᠪᠡᠶ᠎ᠡ ᠶᠢᠨ ᠡᠭᠡᠯᠢᠯᠡᠭᠡ ᠶᠢᠨ ᠠᠵᠢᠯᠯᠠᠭ᠎ᠠ ᠶᠢ ᠲᠣᠬᠢᠷᠠᠭᠤᠯᠵᠤ᠂ ᠬᠠᠪᠤᠳᠠᠷ ᠡᠭᠦᠰᠬᠡᠬᠦ | ᠪᠣᠯᠣᠯᠴᠠᠭ᠎ᠠ ᠶᠢ ᠪᠠᠭᠤᠷᠠᠭᠤᠯᠤᠨ᠂ ᠦᠮᠠᠨ ᠢ ᠰᠡᠷᠭᠡᠶᠢᠯᠡᠬᠦ᠂ ᠦᠮᠠᠨ ᠲᠠᠢ ᠲᠡᠮᠡᠴᠡᠬᠦ ᠦᠢᠯᠡᠳᠦᠯ ᠭᠠᠷᠭᠠᠨ᠎ᠠ᠃ | ᠣᠶᠢᠮ᠎ᠠ ᠨᠣᠭᠤᠭ᠎ᠠ ᠦᠷᠪᠢᠰᠦᠯ ᠢ ᠠᠷᠢᠯᠭᠠᠨ᠎ᠠ᠃ | ᠵᠠᠩ ᠬᠡᠤ ᠳ᠋ᠧ ᠬᠡᠯᠡᠭᠰᠡᠨ ᠨᠢ᠄ ︽ᠣᠶᠢᠮ᠎ᠠ ᠨᠣᠭᠤᠭ᠎ᠠ ᠳᠤ ᠤᠭᠤᠷᠠᠭ᠂ ᠥᠭᠡᠬᠦ᠂ ᠰᠢᠬᠢᠷ ᠤᠨ ᠵᠦᠢᠯ᠂ | ᠡᠷᠦᠳᠡᠰᠦᠨ ᠪᠤᠳᠠᠰ ᠬᠢᠭᠡᠳ ᠣᠯᠠᠨ ᠵᠦᠢᠯ ᠤᠨ ᠸᠢᠲ᠋ᠠᠮᠢᠨ ᠡᠯᠪᠡᠭ ᠠᠭᠤᠯᠤᠭᠳᠠᠵᠤ᠂ ᠰᠢᠮ᠎ᠡ ᠲᠡᠵᠢᠭᠡᠯ ᠰᠠᠶᠢᠲᠠᠢ᠃︾ | ᠣᠶᠢᠮ᠎ᠠ ᠨᠣᠭᠤᠭ᠎ᠠ ᠳᠣᠲᠣᠷᠠᠬᠢ ᠣᠶᠢᠮ᠎ᠠ ᠨᠣᠭᠤᠭ᠎ᠠ ᠶᠢᠨ ᠡᠳ᠋ ᠨᠢ ᠪᠠᠺᠲ᠋ᠧᠷᠢ ᠶᠢ ᠬᠤᠷᠢᠬᠯᠠᠬᠤ ᠦᠢᠯᠡᠳᠦᠯ ᠲᠠᠢ | ᠮᠦᠷᠲᠡᠭᠡᠨ ᠬᠠᠯᠠᠭᠤᠨ ᠢ ᠠᠷᠢᠯᠭᠠᠬᠤ ᠬᠤᠣᠷ ᠢ ᠲᠠᠶᠢᠯᠬᠤ᠂ ᠪᠠᠺᠲ᠋ᠧᠷᠢ ᠠᠯᠠᠵᠤ ᠦᠷᠪᠢᠰᠦᠯ ᠢ ᠳᠠᠷᠤᠬᠤ ᠳᠤ | ᠨᠡᠯᠢᠶᠡᠳ ᠰᠠᠶᠢᠨ ᠦᠢᠯᠡᠳᠦᠯ ᠲᠠᠢ ᠪᠠᠶᠢᠵᠦ᠂ ᠬᠠᠯᠠᠭᠤᠷᠠᠬᠤ᠂ ᠨᠠᠮᠤᠰᠤ᠂ ᠶᠠᠷ᠎ᠠ ᠵᠡᠷᠭᠡ ᠡᠪᠡᠳᠴᠢᠨ ᠳᠤ ᠴᠦᠮ | ᠵᠣᠬᠢᠬᠤ ᠡᠮᠨᠡᠨ ᠵᠠᠰᠠᠬᠤ ᠦᠢᠯᠡᠳᠦᠯ ᠲᠠᠢ᠃ | ᠨᠠᠷᠠᠨ ᠨᠣᠭᠤᠭ᠎ᠠ ᠪᠠᠺᠲ᠋ᠧᠷᠢ ᠶᠢ ᠠᠯᠠᠨ᠎ᠠ᠃ | ︽ᠨᠠᠷᠠᠨ ᠨᠣᠭᠤᠭ᠎ᠠ ᠳᠤ ᠤᠭᠤᠷᠠᠭ᠂ ᠥᠭᠡᠬᠦ᠂ ᠰᠢᠬᠢᠷ᠂ ᠪᠦᠳᠦᠭᠦᠯᠢᠭ ᠰᠢᠷᠬᠡᠭᠯᠢᠭ ᠵᠢᠴᠢ ᠺᠠᠯᠼ᠂ ᠹᠣᠰᠹᠣᠷ᠂ | ᠲᠡᠮᠦᠷ ᠵᠡᠷᠭᠡ ᠣᠯᠠᠨ ᠵᠦᠢᠯ ᠤᠨ ᠰᠢᠮ᠎ᠡ ᠲᠡᠵᠢᠭᠡᠯᠲᠦ ᠪᠦᠷᠢᠯᠳᠦᠭᠦᠨ ᠠᠭᠤᠯᠤᠭᠳᠠᠬᠤ ᠠᠴᠠ ᠭᠠᠳᠠᠨ᠎ᠠ᠂ ᠲᠡᠭᠦᠨ ᠤ | ᠲᠤᠰ ᠪᠡᠶ᠎ᠡ ᠨᠢ ᠳᠠᠷᠤᠢ ᠮᠠᠰᠢ ᠰᠠᠶᠢᠨ ᠡᠮ ᠤᠨ ᠦᠢᠯᠡᠳᠦᠯ ᠲᠠᠢ ᠶᠤᠮ︾᠃ ᠵᠠᠩ ᠬᠡᠤ ᠳ᠋ᠧ ᠶᠢᠨ ᠬᠡᠯᠡᠬᠦ ᠪᠠᠷ᠂ | ᠨᠠᠷᠠᠨ ᠨᠣᠭᠤᠭ᠎ᠠ ᠳᠤ ᠶᠡᠭᠡ ᠬᠡᠮᠵᠢᠶᠡᠨ ᠤ ᠮᠣᠯᠲ᠋ᠢᠭᠦᠷ ᠪᠥᠭᠡᠷ᠎ᠡ ᠶᠢᠨ ᠳᠡᠭᠡᠳᠦ ᠪᠣᠯᠴᠢᠷᠬᠠᠢ ᠶᠢᠨ ᠡᠳ᠋᠂ ᠺᠠᠯᠢ ᠶᠢᠨ | ᠳᠠᠪᠤᠰᠤ ᠵᠢᠴᠢ ᠨᠢᠮᠪᠡᠭᠡ ᠶᠢᠨ ᠬᠦᠴᠢᠯ ᠪᠠ ᠠᠯᠮᠤᠷᠠᠳ ᠤᠨ ᠬᠦᠴᠢᠯ ᠵᠡᠷᠭᠡ ᠠᠭᠤᠯᠤᠭᠳᠠᠵᠤ᠂ ᠴᠢᠰᠤᠨ ᠰᠢᠬᠢᠷ ᠤᠨ | ᠲᠣᠭᠲᠠᠭᠤᠨ ᠪᠠᠶᠢᠳᠠᠯ ᠢ ᠪᠠᠲᠤᠯᠠᠨ᠂ ᠴᠢᠰᠤᠨ ᠳᠠᠷᠤᠯᠲᠠ ᠶᠢ ᠪᠠᠭᠤᠷᠠᠭᠤᠯᠵᠤ᠂ ᠵᠢᠷᠦᠬᠡ ᠶᠢ ᠬᠠᠮᠠᠭᠠᠯᠠᠬᠤ | ᠦᠢᠯᠡᠳᠦᠯ ᠲᠠᠢ᠃ | | ᠪᠡᠯᠡᠳᠭᠡᠭᠰᠡᠨ ᠨᠢ᠄ ᠼᠦᠢ ᠶᠢᠩ |