ᠭᠠᠩ ᠲᠠᠢ ᠲᠡᠮᠡᠴᠡᠬᠦ ᠳᠤ ᠰᠠᠨᠠᠭᠠᠴᠢᠯᠠᠭᠠᠳᠤ ᠴᠢᠷᠮᠠᠶᠢᠯᠭ᠎ᠠ ᠨᠡᠩ ᠴᠢᠬᠤᠯᠠ | | | ᠡᠨᠡ ᠵᠢᠯ ᠦᠪᠦᠷ ᠮᠤᠩᠭᠤᠯ ᠤᠷᠤᠨ ᠤ ᠡᠯ᠎ᠡ ᠠᠶᠢᠮᠠᠭ ᠬᠤᠰᠢᠭᠤᠨ ᠳᠤ ᠨᠤᠲᠤᠭ ᠪᠡᠯᠴᠢᠭᠡᠷ ᠠᠲᠠᠯᠢ ᠪᠤᠰᠤ | ᠭᠡᠮᠵᠢᠶ᠎ᠡ ᠪᠠᠷ ᠭᠠᠩᠳᠠᠵᠦ᠂ ᠵᠠᠷᠢᠮ ᠭᠠᠵᠠᠷ ᠤᠷᠤᠨ ᠳᠤ ᠵᠤᠨ ᠤ ᠵᠢᠷᠭᠤᠭᠠᠨ ᠰᠠᠷ᠎ᠠ ᠪᠤᠯᠴᠢᠬᠠᠭᠰᠠᠠ ᠪᠠᠶᠢᠲᠠᠯ᠎ᠠ ᠮᠠᠯ | ᠴᠠᠳᠬᠤ ᠦᠭᠡᠢ ᠪᠠᠶᠢᠲᠠᠯ ᠢᠯᠡᠷᠡᠭᠰᠡᠡ ᠪᠠᠶᠢᠨ᠎ᠠ᠃ ᠪᠠᠶᠠᠨᠨᠠᠭᠤᠷ ᠬᠤᠳᠠ ᠶᠢᠨ ᠤᠷᠠᠳ ᠤᠨ ᠲᠤᠮᠲᠠᠲᠤ ᠬᠤᠰᠢᠭᠤ ᠡᠨᠡ | ᠵᠢᠯ ᠲᠡᠤᠭᠡᠨ ᠳᠤ ᠭᠠᠷᠤᠭ᠎ᠠ ᠦᠭᠡᠢ ᠤᠯᠠᠭᠠᠨ ᠭᠠᠨᠭ᠌ ᠳᠤ ᠲᠠᠭᠠᠷᠢᠬᠲᠠᠵᠤ᠂ ᠠᠲᠤᠭᠤ ᠲᠡᠮᠡᠭᠡ ᠦᠯᠪᠡᠷᠴᠤ ᠦᠭᠦᠭᠰᠠᠠ | ᠬᠠᠷᠠᠰᠠᠯᠲᠤ ᠭᠡᠷᠡᠭ ᠡᠭᠦᠰᠴᠤ᠂ ᠮᠠᠯᠴᠢᠳ ᠭᠠᠷ ᠢᠶᠠᠨ ᠨᠤᠬᠤᠯᠠᠨ ᠭᠠᠴᠢᠬᠲᠠᠵᠤ ᠪᠠᠶᠢᠬᠤ ᠶᠢ ᠪᠢᠲᠡ ᠲᠤᠤᠷ | ᠰᠦᠯᠵᠢᠶ᠎ᠡ ᠠᠴᠠ ᠦᠵᠡᠵᠦ ᠬᠠᠷᠠᠯ᠎ᠠ᠃ | ᠨᠦᠭᠦᠭᠡ ᠵᠢᠱᠢᠶ᠎ᠡ ᠨᠢ᠂ ᠰᠦᠨᠢᠳ ᠪᠠᠷᠠᠭᠤᠨ ᠬᠤᠰᠢᠭᠤᠨ ᠳᠤ ᠡᠮᠦᠨᠡᠬᠡᠨ ᠪᠤᠯᠵᠤ ᠦᠡᠭᠭᠡᠷᠡᠭᠰᠡᠡ᠂ ᠰᠢᠯᠢ ᠶᠢᠨ | ᠭᠤᠤᠯ ᠠᠶᠢᠮᠠᠭ ᠤᠨ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠡ ᠶᠢᠨ ᠴᠤᠯᠠ ᠤᠯᠭᠤᠬᠤ ᠨᠠᠶᠢᠷ ᠤᠨ ᠠᠬᠤᠢ | ᠲᠠᠯᠠᠪᠠᠢ ᠠᠴᠠ ᠬᠠᠷᠠᠬᠤ ᠳᠤ ᠳᠤᠰ ᠬᠤᠰᠢᠭᠤ ᠭᠦᠨᠲᠦ ᠨᠤᠴᠢᠲᠠᠢ ᠭᠠᠩᠳᠠᠭᠰᠠᠨ ᠭᠡᠲᠡᠭ ᠨᠢ ᠢᠯᠡᠭᠡᠨ︕ ᠨᠠᠶᠢᠷ ᠤᠨ | ᠠᠬᠤᠢ ᠲᠠᠯᠠᠪᠠᠢ ᠳᠤ ᠵᠢᠭᠠᠬᠠᠨ ᠴᠤ ᠡᠪᠡᠰᠦ ᠨᠤᠭᠤᠭ᠎ᠠ ᠤᠷᠭᠤᠬᠰᠠᠠ ᠪᠠᠶᠢᠳᠠᠯ ᠠᠯᠠᠭ᠎ᠠ᠂ ᠦᠯᠦᠨ ᠲᠤᠭᠤᠰᠤ | ᠲᠡᠭᠲᠡᠵᠤ ᠲᠤᠮᠤ ᠭᠡᠯᠪᠡᠷᠢ ᠶᠢᠨ ᠤᠰᠤᠨ ᠲᠡᠷᠭᠡ ᠢᠷᠡᠵᠤ ᠨᠠᠶᠢᠷ ᠤᠨ ᠲᠠᠯᠠᠪᠠᠢ ᠳᠤ ᠤᠰᠤ ᠰᠦᠷᠴᠢᠵᠤ ᠪᠠᠶᠢᠭ᠎ᠠ ᠶᠢ | ᠰᠢᠭᠤᠳ ᠨᠡᠪᠲᠡᠷᠡᠭᠦᠯᠭᠡ ᠶᠢᠨ ᠲᠡᠯᠭᠡᠴᠡ ᠠᠴᠠ ᠬᠠᠷᠠᠬᠰᠠᠠ ᠶᠤᠮ᠃ | ᠤᠢᠢᠷ᠎ᠠ ᠶᠢᠨ ᠵᠢᠯ ᠳᠤ ᠮᠠᠨ ᠤ ᠤᠷᠤᠨ ᠠᠴᠠ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ | ᠬᠠᠪᠤᠷ ᠤᠨ ᠤᠯᠠᠷᠢᠯ ᠳᠤ ᠪᠦᠬᠦ ᠤᠷᠤᠨ ᠤ ᠮᠠᠯᠵᠢᠬᠤ ᠤᠷᠤᠨ ᠳᠤ ᠨᠢᠭᠡ ᠰᠠᠷ᠎ᠠ ᠶᠢᠨ ᠬᠤᠭᠤᠴᠠᠭ᠎ᠠ ᠲᠠᠢ | ᠪᠡᠯᠴᠢᠭᠡᠷᠯᠡᠭᠦᠯᠭᠦ ᠶᠢ ᠵᠤᠬᠰᠤᠭᠠᠨ ᠡᠪᠡᠰᠤ ᠪᠡᠯᠴᠢᠭᠡᠷ ᠢ ᠰᠡᠷᠭᠦᠭᠡᠵᠦ ᠠᠮᠢ ᠠᠬᠤᠢ ᠪᠠᠨ ᠰᠠᠶᠢᠵᠢᠷᠠᠭᠤᠯᠬᠤ ᠠᠷᠭ᠎ᠠ | ᠭᠡᠮᠵᠢᠶ᠎ᠡ ᠠᠪᠴᠤ᠂ ᠭᠤᠴᠢ ᠭᠠᠷᠤᠢ ᠡᠳᠦᠷ ᠬᠠᠰᠢᠶᠠᠯᠠᠨ ᠲᠡᠵᠢᠭᠡᠵᠤ ᠪᠡᠯᠴᠢᠭᠡᠷ ᠤᠨ ᠲᠠᠷᠤᠭᠠᠰᠦ ᠶᠢ | ᠬᠦᠩᠭᠡᠷᠡᠭᠦᠯᠦᠭᠰᠡᠨ ᠪᠠᠶᠢᠨ᠎ᠠ᠂ ᠡᠬᠦᠨ ᠳᠤ ᠮᠠᠯᠴᠢᠳ ᠲᠤ ᠳᠡᠵᠢᠬᠡᠯ ᠪᠤᠷᠳᠤᠭ᠎ᠠ ᠶᠢᠨ ᠨᠦᠬᠦᠪᠦᠷᠢ ᠦᠭᠬᠦ ᠵᠡᠷᠭᠡ | ᠠᠷᠭ᠎ᠠ ᠪᠠᠷ ᠮᠠᠯ ᠠᠵᠦ ᠠᠬᠤᠢ ᠪᠠᠨ ᠬᠦᠭᠵᠢᠬᠦᠯᠬᠦ ᠶᠢ ᠵᠤᠷᠢᠵᠦ ᠡᠳᠦᠢ ᠳᠡᠳᠦᠢ ᠠᠮᠵᠢᠯᠳᠠ ᠤᠯᠤᠭᠰᠠᠨ ᠪᠠᠶᠢᠨ᠎ᠠ᠃ | | ᠭᠡᠪᠡᠴᠤ ᠳᠡᠭᠷᠢ ᠶᠢᠨ ᠭᠠᠮᠰᠢᠭ ᠤᠨ ᠡᠮᠦᠨ᠎ᠠ ᠬᠦᠮᠦᠨ ᠳᠦᠷᠦᠯᠬᠢᠳᠡᠨ ᠤ ᠬᠦᠴᠦᠨ ᠴᠢᠳᠠᠯ ᠳᠠᠩᠴᠢ ᠮᠡᠬᠦᠰᠳᠡᠬᠦ | ᠭᠡᠬᠦ ᠤᠤ︖ ᠭᠡᠳᠦᠨ ᠰᠠᠷ᠎ᠠ ᠪᠠᠷ ᠳᠤᠰᠤᠯ ᠪᠤᠷᠤᠭᠠᠨ ᠤᠷᠤᠬᠤ ᠦᠬᠡᠢ ᠪᠠᠶᠢᠳᠠᠯ ᠳᠤ ᠪᠢᠳᠡ ᠵᠦᠪᠬᠡᠨ ᠭᠠᠷ ᠢᠶᠠᠨ | ᠨᠤᠬᠤᠯᠠᠵᠦ ᠯᠡ ᠰᠠᠭᠤᠬᠤ ᠤᠤ︖ | ᠤᠢᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠮᠠᠯᠴᠢᠳ ᠪᠠ ᠳᠤᠰ ᠬᠤᠰᠢᠭᠤ ᠪᠠᠷ ᠨᠤᠳᠤᠭᠳᠠᠢ | ᠭᠠᠳᠠᠨ᠎ᠠ ᠭᠠᠵᠠᠷ ᠠᠵᠢᠯᠯᠠᠵᠦ ᠠᠮᠢᠳᠤᠷᠠᠵᠦ ᠪᠠᠶᠢᠭ᠎ᠠ ᠨᠢᠬᠡ ᠪᠦᠯᠦᠭ ᠬᠦᠮᠦᠰ ᠰᠠᠶᠢᠨ ᠳᠤᠷ᠎ᠠ ᠠᠴᠠ ᠪᠠᠨ ᠭᠠᠩ ᠤᠨ | ᠪᠠᠶᠢᠳᠠᠯ ᠢ ᠠᠷᠭᠠᠴᠠᠬᠤ ᠬᠤᠯᠪᠤᠭ᠎ᠠ ᠪᠠᠶᠢᠭᠤᠯᠤᠨ ᠨᠡᠮᠡᠷᠢ ᠬᠠᠨᠳᠢᠪ ᠡᠷᠬᠦᠬᠦ᠂ ᠳᠡᠵᠢᠬᠡᠯ ᠪᠤᠷᠳᠤᠭ᠎ᠠ ᠬᠤᠳᠠᠯᠳᠤᠨ | ᠠᠪᠴᠤ ᠦᠭᠬᠦ ᠵᠡᠷᠭᠡ ᠬᠡᠯᠪᠡᠷᠢ ᠪᠠᠷ ᠨᠤᠳᠤᠭ ᠤᠨ ᠮᠠᠯᠴᠢᠳ ᠲᠠᠢ ᠬᠠᠮᠳᠤ ᠪᠠᠷ ᠮᠠᠯ ᠤᠨᠤᠭ᠎ᠠ ᠪᠠᠨ ᠭᠠᠮᠰᠢᠭ ᠠᠴᠠ | ᠠᠪᠤᠷᠠᠵᠦ ᠪᠠᠶᠢᠨ᠎ᠠ᠃ ᠡᠨᠡ ᠨᠢ ᠦᠩᠬᠡᠷᠡᠭᠰᠡᠨ ᠤ ︽ᠬᠦᠯᠢᠶᠡᠵᠦ ᠨᠠᠶᠢᠳᠠᠬᠤ︾ ᠪᠠᠶᠢᠳᠠᠯ ᠠᠴᠠ ᠪᠠᠨ | ᠰᠠᠨᠠᠭᠠᠴᠢᠯᠠᠭ᠎ᠠ ᠲᠠᠢ ᠪᠠᠷ ︽ᠬᠦᠳᠡᠯᠵᠦ ᠴᠢᠷᠮᠠᠶᠢᠬᠤ︾ ᠵᠦᠭ ᠬᠤᠪᠢᠷᠠᠵᠦ᠂ ᠦᠪᠡᠷ ᠤᠨ ᠬᠦᠴᠦᠨ ᠳᠤᠳᠤᠷ ᠠ ᠪᠠᠨ | ᠬᠠᠮᠤᠭ ᠶᠡᠭᠡ ᠬᠡᠮᠵᠢᠶ᠎ᠠ ᠪᠠᠷ ᠴᠢᠷᠮᠠᠶᠢᠯᠭ᠎ᠠ ᠭᠠᠷᠭᠠᠵᠦ᠂ ᠮᠠᠯᠴᠢᠨ ᠳᠦᠮᠡᠨ ᠳᠡᠭᠡᠨ ᠡᠶᠡᠷᠬᠦ ᠡᠨᠧᠷᠬᠢ ᠳᠡᠮᠵᠢᠭᠤᠯᠵᠦ | ᠪᠠᠶᠢᠬᠤ ᠶᠠᠪᠤᠳᠠᠯ ᠪᠤᠯᠬᠤ ᠶᠤᠮ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠤᠷᠴᠢᠨ ᠲᠤᠭᠤᠷᠢᠨ ᠢᠶᠠᠨ | ᠬᠠᠮᠠᠭᠠᠯᠠᠬᠤ ᠨᠢ ᠬᠦᠮᠦᠨ ᠪᠦᠬᠦᠨ ᠤ ᠬᠠᠷᠢᠭᠤᠴᠠᠯᠭ᠎ᠠ ᠭᠡᠳᠡᠭ ᠳᠠᠨᠢᠯᠳᠠ ᠶᠢ ᠪᠤᠢ ᠪᠤᠯᠭᠠᠵᠦ᠂ ᠭᠡᠨᠡᠳᠳᠡ ᠶᠢᠨ | ᠪᠠᠶᠢᠭᠠᠯᠢ ᠶᠢᠨ ᠭᠠᠮᠰᠢᠭ ᠤᠨ ᠡᠮᠦᠨ᠎ᠠ ᠪᠢᠲᠠ ᠪᠦᠭᠦᠨ ᠪᠦᠲᠦᠭᠡᠯᠴᠢ ᠴᠢᠨᠠᠷᠳᠠᠢ ᠭᠦᠲᠡᠯᠮᠤᠷᠢ ᠵᠠᠷᠤᠴᠠᠭᠤᠯᠵᠤ᠂ ᠨᠠᠩ | ᠦᠨᠲᠦᠷ ᠬᠠᠷᠠᠭᠠᠰᠤ ᠠᠴᠠ ᠪᠤᠲᠠᠲᠠᠢ ᠠᠷᠭ᠎ᠠ ᠠᠪᠴᠠᠯ ᠠᠪᠴᠤ᠂ ᠨᠢᠲᠦᠨ ᠡᠮᠤᠨᠡᠭᠢ ᠭᠠᠮᠰᠢᠭ ᠲᠠᠢ ᠲᠡᠮᠡᠴᠡᠭᠦ ᠠᠵᠢᠯ ᠢ | ᠡᠷᠴᠢᠮᠲᠠᠢ ᠦᠷᠨᠢᠬᠦᠯᠵᠦ᠂ ᠭᠠᠮᠰᠢᠭ ᠢ ᠳᠠᠭᠠᠭᠠᠬᠤ ᠴᠢᠳᠠᠪᠤᠷᠢ ᠪᠠᠨ ᠤᠯᠠᠮ ᠢᠶᠠᠷ ᠳᠡᠭᠡᠭᠰᠢᠯᠡᠬᠦᠯᠵᠦ᠂ ᠨᠡᠶᠢᠭᠡᠮ | ᠵᠢᠷᠤᠮ ᠤᠨ ᠦᠵᠡᠮᠵᠢᠳᠦ ᠰᠠᠶᠢᠬᠠᠨ ᠭᠦᠲᠡᠭᠡ ᠲᠤᠰᠬᠤᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠪᠠᠯ ᠵᠤᠬᠢᠨ᠎ᠠ᠃ | | ᠨᠠᠶᠢᠷᠠᠭᠤᠯᠤᠬᠴᠢ᠄ ᠰᠠᠴᠤᠷᠠ | ᠪᠡᠯᠡᠳᠭᠡᠭᠰᠡᠨ ᠨᠢ᠄ ᠼᠦᠢ ᠶᠢᠩ |