ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠹᠧᠩᠵᠧᠨ ᠬᠤᠲᠠ ᠶᠢᠨ ᠬᠠᠤᠯᠢ ᠪᠤᠰᠤ ᠠᠴᠢᠶᠠᠯᠠᠬᠤ ᠠᠵᠢᠯᠯᠠᠭ᠎ᠠ ᠳᠤ ᠴᠣᠬᠢᠯᠲᠠ ᠥᠭᠴᠦ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019-10-14
     ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠹᠧᠩᠵᠧᠨ ᠬᠤᠲᠠ ᠶᠢᠨ ᠬᠠᠤᠯᠢ ᠪᠤᠰᠤ ᠠᠴᠢᠶᠠᠯᠠᠬᠤ ᠠᠵᠢᠯᠯᠠᠭ᠎ᠠ ᠳᠤ ᠴᠣᠬᠢᠯᠲᠠ ᠥᠭᠴᠦ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠬᠦ ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ︽ᠹᠧᠩᠵᠧᠨ ᠬᠤᠲᠠ ᠶᠢᠨ ᠬᠠᠤᠯᠢ ᠪᠤᠰᠤ ᠠᠴᠢᠶᠠᠯᠠᠬᠤ ᠠᠵᠢᠯᠯᠠᠭ᠎ᠠ ᠳᠤ ᠴᠣᠬᠢᠯᠲᠠ ᠥᠭᠴᠦ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠬᠦ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                    2019 ᠤᠨ ᠤ 7 ᠰᠠᠷ᠎ᠠ ᠶᠢᠨ 31 ᠤ ᠡᠳᠦᠷ       ᠹᠧᠩᠵᠧᠨ ᠬᠤᠲᠠ ᠶᠢᠨ ᠬᠠᠤᠯᠢ ᠪᠤᠰᠤ ᠠᠴᠢᠶᠠᠯᠠᠬᠤ ᠠᠵᠢᠯᠯᠠᠭ᠎ᠠ ᠳᠤ ᠴᠣᠬᠢᠯᠲᠠ ᠥᠭᠴᠦ ᠠᠶᠠᠨᠴᠢᠳ ᠤᠨ ᠲᠡᠭᠡᠭᠡᠪᠦᠷᠢ ᠶᠢᠨ       ᠵᠠᠬ᠎ᠠ ᠳᠡᠯᠭᠡᠭᠦᠷ ᠪᠠ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠵᠢᠷᠤᠮ ᠢ ᠴᠡᠭᠴᠡᠯᠡᠬᠦ ᠬᠡᠷᠡᠭᠵᠢᠭᠦᠯᠬᠦ ᠲᠥᠰᠦᠯ       ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠬᠠᠤᠯᠢ ᠶᠣᠰᠣᠨ ᠤ ᠡᠵᠡᠩᠨᠡᠭᠴᠢ ᠪᠣᠯᠤᠨ ᠥᠷᠭᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠴᠡᠭᠴᠡᠯᠡᠬᠦ ᠲᠤᠰᠬᠠᠶ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ᠶᠢᠨ ᠣᠳᠣᠬᠠᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠵᠠᠰᠠᠭ ᠤᠨ ᠣᠷᠳᠣᠨ ᠠᠴᠠ ᠪᠥᠬᠦ ᠬᠤᠲᠠ ᠶᠢᠨ ᠬᠡᠪᠴᠢᠶᠡᠨ ᠳᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠤᠨᠴᠠᠭᠠᠶᠢᠯᠠᠨ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠵᠠᠮ ᠳᠡᠭᠡᠷᠡᠬᠢ ᠠᠶᠠᠨᠴᠢᠳ ᠤᠨ ᠲᠡᠭᠡᠭᠡᠪᠦᠷᠢ ᠪᠣᠯᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠠᠶᠠᠨᠴᠢᠳ ᠲᠡᠭᠡᠭᠡᠪᠦᠷᠢᠯᠡᠵᠦ ᠪᠠᠶᠢᠭ᠎ᠠ ᠬᠤᠪᠢ ᠬᠥᠮᠦᠨ ᠤ ᠲᠡᠷᠭᠡ ᠵᠢᠴᠢ ᠮᠤᠬᠤᠯᠠᠭ ᠲᠡᠷᠭᠡ᠂ ᠣᠨᠳᠣᠤ ᠭᠠᠵᠠᠷ ᠤᠨ ᠲᠦᠷᠢᠶᠡᠰᠦᠨ ᠲᠡᠷᠭᠡ ᠵᠡᠷᠭᠡ ᠬᠠᠤᠯᠢ ᠪᠤᠰᠤ ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠪᠣᠯᠤᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠪᠠ ᠲᠣᠭᠲᠠᠭᠠᠯ ᠠᠴᠠ ᠵᠥᠷᠢᠴᠡᠨ ᠡᠵᠡᠩᠨᠡᠵᠦ ᠪᠠᠶᠢᠭ᠎ᠠ ᠡᠯ᠎ᠡ ᠵᠦᠢᠯ ᠤᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠠᠵᠢᠯ ᠲᠥᠷᠥᠯ ᠤᠨ ᠲᠣᠭᠲᠠᠭᠤᠨ ᠪᠠᠶᠢᠬᠤ ᠪᠠ ᠠᠶᠤᠯ ᠦᠬᠡᠢ ᠦᠢᠯᠡᠳᠪᠦᠷᠢᠯᠡᠬᠦ ᠶᠢ ᠨᠥᠯᠥᠭᠡᠯᠡᠵᠦ ᠪᠠᠶᠢᠭ᠎ᠠ ᠠᠰᠢᠭ ᠦᠭᠡᠢ ᠬᠦᠴᠦᠨ ᠵᠦᠢᠯ ᠢ ᠠᠷᠢᠯᠭᠠᠨ᠂ ᠲᠥᠪ ᠭᠤᠤᠯᠴᠢ ᠪᠥᠭᠡᠳ ᠡᠮᠬᠢ ᠵᠢᠷᠤᠮ ᠲᠠᠢ᠂ ᠬᠠᠤᠯᠢ ᠶᠢ ᠵᠢᠷᠤᠮᠯᠠᠨ ᠡᠵᠡᠩᠨᠡᠭᠰᠡᠨ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠶᠢᠭᠤᠯᠬᠤ ᠬᠡᠷᠡᠭᠲᠡᠶ᠃ ᠬᠠᠤᠯᠢ ᠪᠤᠰᠤ ᠲᠡᠷᠭᠡ ᠬᠥᠰᠬᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ ᠴᠡᠪᠡᠷᠯᠡᠬᠦ ᠪᠠᠷ ᠳᠠᠮᠵᠢᠨ᠂ ︽ᠬᠠᠷ᠎ᠠ ᠲᠡᠷᠭᠡ︾ ᠶᠢᠨ ᠬᠠᠤᠯᠢ ᠪᠤᠰᠤ ᠲᠡᠷᠭᠡ ᠬᠥᠰᠬᠡ ᠶᠢ ᠬᠠᠤᠯᠢ ᠶᠣᠰᠣᠭᠠᠷ ᠦᠭᠡᠶᠢᠰᠬᠡᠵᠦ᠂ ᠪᠦᠬᠦ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠠ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠢᠯᠡᠳᠲᠡ ᠰᠠᠶᠢᠵᠢᠷᠠᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃      ᠬᠤᠶᠠᠷ᠂ ᠴᠡᠭᠴᠡᠯᠡᠨ ᠵᠠᠰᠠᠬᠤ ᠭᠤᠤᠯᠳᠠᠯᠭ᠎ᠠ      1. ᠬᠠᠤᠯᠢ ᠪᠤᠰᠤ ᠪᠠᠷ ᠲᠡᠭᠡᠭᠡᠪᠦᠷᠢᠯᠡᠵᠦ ᠪᠠᠶᠢᠭ᠎ᠠ ᠲᠡᠷᠭᠡ ᠬᠥᠰᠬᠡ ᠠᠶᠠᠨᠴᠢᠳ ‍ᠤᠨ‌‍ᠲ᠋ᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      2. ᠬᠠᠤᠯᠢ ᠪᠤᠰᠤ ᠪᠠᠷ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠱᠤᠭᠤᠮ ᠢᠶᠠᠷ ᠶᠠᠪᠤᠵᠦ ᠪᠠᠶᠢᠭ᠎ᠠ ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      3.ᠣᠨᠳᠣᠤ ᠭᠠᠵᠠᠷ ᠡᠵᠡᠩᠨᠡᠬᠦ ᠪᠠ ᠶᠠᠮᠠᠷ ᠨᠢᠭᠡᠨ ᠲᠣᠭᠲᠠᠮᠠᠯ ᠱᠤᠭᠤᠮ ᠳᠡᠭᠡᠷ᠎ᠡ ᠲᠣᠭᠲᠠᠭᠠᠯ ᠠᠴᠠ ᠵᠥᠷᠢᠴᠡᠭᠰᠡᠨ ᠲᠦᠷᠢᠶᠡᠰᠦᠨ ᠮᠠᠰᠢᠨ ᠲᠡᠷᠭᠡ ᠡᠵᠡᠩᠨᠡᠬᠦ ᠠᠵᠢᠯᠯᠠᠭ᠎ᠠ ᠳᠤ ᠴᠣᠬᠢᠯᠲᠠ ᠥᠭᠭᠦᠨ᠎ᠡ᠃ ᠤᠷᠲᠤ ᠬᠤᠭᠤᠴᠠᠭ᠎ᠠ ᠪᠠᠷ ᠬᠠᠤᠯᠢ ᠪᠤᠰᠤ ᠪᠠᠷ ᠣᠨᠳᠣᠤ ᠭᠠᠵᠠᠷ᠂ ᠲᠣᠭᠲᠠᠭᠠᠯ ᠠᠴᠠ ᠵᠥᠷᠢᠴᠡᠨ ᠶᠠᠮᠠᠷ ᠨᠢᠭᠡᠨ ᠲᠣᠭᠲᠠᠮᠠᠯ ᠱᠤᠭᠤᠮ ᠳᠡᠭᠡᠷ᠎ᠡ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠲᠦᠷᠢᠶᠡᠰᠦᠨ ᠮᠠᠰᠢᠨ ᠲᠡᠷᠭᠡ ᠶᠢ ᠬᠠᠤᠯᠢ ᠶᠣᠰᠣᠭᠠᠷ ᠬᠦᠨᠳᠦ ᠰᠢᠢᠳᠭᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠡᠵᠡᠩᠨᠡᠯᠲᠡ ᠶᠢᠨ ᠬᠢᠷᠢ ᠬᠡᠮ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠬᠡᠷᠡᠭᠲᠡᠶ᠃      4.ᠲᠦᠷᠢᠶᠡᠰᠦᠨ ᠮᠠᠰᠢᠨ ᠪᠤᠰᠤ ᠲᠡᠷᠭᠡ ᠶᠢᠨ ᠣᠷᠣᠢ ᠶᠢᠨ ᠳ᠋ᠧᠩ᠂ ᠬᠤᠭᠤᠰᠣᠨ ᠲᠡᠷᠭᠡ ᠶᠢᠨ ᠳ᠋ᠧᠩ ᠢ ᠳᠤᠷ᠎ᠠ ᠪᠠᠷ ᠢᠶᠠᠨ ᠬᠡᠷᠡᠭᠯᠡᠬᠦ ᠵᠢᠴᠢ ᠨᠡᠶᠢᠭᠡᠮ ᠳᠡᠭᠡᠷ᠎ᠡ ᠪᠤᠢ ᠪᠣᠯᠤᠭᠰᠠᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠰᠠᠮᠠᠭᠤᠷᠠᠭᠤᠯᠬᠤ ᠬᠤᠯᠪᠣᠭᠳᠠᠯ ᠪᠦᠬᠦᠢ ᠲᠡᠮᠳᠡᠭ ︵ᠵᠢᠱᠢᠶᠡᠯᠡᠪᠡᠯ L E D ᠳ᠋ᠧᠩ᠂ ᠥᠩᠭᠡᠲᠦ ᠪᠥᠮᠪᠦᠭᠡ ᠵᠡᠷᠭᠡ︶ ᠪᠤᠳᠠᠳᠠᠢ ᠲᠡᠭᠡᠭᠡᠪᠦᠷᠢ ᠶᠢᠨ ᠲᠡᠮᠳᠡᠭ ᠢ ᠵᠥᠷᠢᠴᠡᠭᠰᠡᠨ ᠪᠣᠯ ᠴᠥᠮ ᠬᠠᠤᠯᠢ ᠪᠤᠰᠤ ᠲᠡᠭᠡᠭᠡᠪᠦᠷᠢ ᠶᠢᠨ ᠲᠡᠷᠭᠡ ᠬᠥᠰᠬᠡ ᠶᠢᠨ ᠶᠣᠰᠣᠭᠠᠷ ᠰᠢᠢᠳᠪᠦᠷᠢᠯᠡᠨ᠎ᠡ᠂ ᠪᠠᠶᠢᠴᠠᠭᠠᠨ ᠦᠯᠡᠳᠡᠭᠡᠵᠦ ᠠᠪᠤᠭᠰᠠᠨ ᠪᠣᠯ ᠬᠠᠤᠯᠢ ᠶᠣᠰᠣᠭᠠᠷ ᠴᠢᠩᠭ᠎ᠠ ᠬᠦᠨᠳᠦ ᠪᠠᠷ ᠰᠢᠢᠳᠪᠦᠷᠢᠯᠡᠨ᠎ᠡ᠃      5. ᠲᠦᠷᠢᠶᠡᠰᠦᠨ ᠮᠠᠰᠢᠨ ᠲᠡᠷᠭᠡ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ ᠦᠭᠡᠢ᠂ ᠵᠣᠴᠢᠨ ᠢ ᠮᠡᠬᠡᠯᠡᠵᠦ ᠬᠢᠬᠠᠬᠤ᠂ ᠠᠴᠢᠶ᠎ᠠ ᠲᠡᠭᠡᠭᠡᠪᠦᠷᠢᠯᠡᠬᠦ ᠶᠢ ᠲᠡᠪᠴᠢᠬᠦ᠂ ᠵᠠᠮ ᠵᠠᠭᠤᠷ᠎ᠠ ᠠᠶᠠᠨᠴᠢᠳ ᠢ ᠬᠠᠶᠠᠬᠤ ᠪᠤᠶᠤ ᠵᠣᠷᠢᠭᠤᠳᠠ ᠲᠣᠭᠤᠷᠢᠤ ᠵᠠᠮ ᠢᠶᠠᠷ ᠶᠠᠪᠤᠭᠰᠠᠨ᠂ ᠲᠡᠷᠭᠡᠨ ᠤ ᠲᠥᠷᠬᠦ ᠳᠦᠷᠰᠦ ᠨᠢ ᠲᠡᠭᠰᠢ ᠦᠭᠡᠢ᠂ ᠪᠣᠯᠪᠠᠰᠤᠨ ᠪᠤᠰᠤ  ᠦᠢᠯᠡᠴᠢᠯᠡᠬᠦ᠂ ᠵᠣᠴᠢᠨ ᠢ ᠬᠦᠯᠢᠶᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ᠃      6. ᠬᠤᠲᠠ ᠬᠥᠳᠡᠭᠡ ᠶᠢᠨ ᠬᠤᠭᠤᠷᠣᠨᠳᠣ᠂ ᠲᠣᠰᠬᠤᠨ ᠤ ᠬᠤᠭᠤᠷᠣᠨᠳᠣ᠂ ᠬᠥᠳᠡᠭᠡ ᠲᠣᠰᠬᠤᠨ ᠤ ᠬᠤᠭᠤᠷᠣᠨᠳᠣ ᠵᠡᠷᠭᠡ ᠵᠠᠮ ᠱᠤᠭᠤᠮ ᠳᠡᠭᠡᠷ᠎ᠡ ᠬᠠᠤᠯᠢ ᠪᠤᠰᠤ ᠪᠠᠷ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ᠂ ᠲᠦᠷᠢᠶᠡᠰᠦᠨ ᠮᠠᠰᠢᠨ ᠲᠡᠷᠭᠡ ᠱᠤᠭᠤᠮ ᠲᠤᠬᠳᠠᠭᠠᠨ ᠲᠡᠭᠡᠭᠡᠪᠦᠷᠢᠯᠡᠬᠦ ᠪᠠ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠶᠢ ᠵᠠᠰᠠᠬᠤ ᠬᠡᠷᠡᠭᠲᠡᠶ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠬᠠᠤᠯᠢ ᠪᠤᠰᠤ ᠪᠠᠷ ᠲᠡᠭᠡᠭᠡᠪᠦᠷᠢ ᠡᠵᠡᠩᠨᠡᠬᠦ ᠶᠠᠪᠤᠳᠠᠯ ᠳᠤ ᠴᠣᠬᠢᠯᠲᠠ ᠥᠭᠬᠦ ᠪᠠ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠬᠠᠤᠯᠢ ᠶᠣᠰᠣᠨ ᠤ ᠡᠵᠡᠩᠨᠡᠭᠴᠢ ᠶᠢᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠭᠤᠯᠤᠨ᠂ ᠹᠧᠩᠵᠧᠨ ᠬᠤᠲᠠ ᠶᠢᠨ ᠬᠠᠤᠯᠢ ᠪᠤᠰᠤ ᠪᠠᠷ ᠲᠡᠭᠡᠭᠡᠪᠦᠷᠢ ᠡᠵᠡᠩᠨᠡᠬᠦ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠪᠦᠷᠢᠯᠳᠦᠬᠦᠨ ᠨᠢ ᠳᠣᠤᠷᠠᠬᠢ ᠮᠡᠲᠦ     ᠳᠤᠭᠤᠶᠢᠯᠠᠩ ᠤᠨ ᠳᠠᠷᠤᠭ᠎ᠠ᠄  ᠭᠦᠸᠧ ᠬᠤᠩ ᠭᠤᠸᠠᠩ  ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ  ᠃    ᠲᠡᠳ᠋ ᠳᠤᠭᠤᠶᠢᠯᠠᠩ ᠤᠨ ᠳᠠᠷᠤᠭ᠎ᠠ᠄ ᠵᠠᠩ ᠶᠦᠩ ᠱᠧᠩ  ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ                                  ᠱᠢ ᠴᠢᠶᠠᠩ  ᠵᠠᠮ ᠲᠡᠭᠡᠭᠡᠪᠦᠷᠢ ᠶᠢᠨ ᠲᠣᠪᠴᠢᠶᠠᠨ ᠤ  ᠲᠤᠪᠴᠢᠶᠠᠨ ᠳᠠᠷᠤᠭ᠎ᠠ     ᠭᠡᠰᠢᠭᠦᠨ᠄  ᠴᠢᠨ ᠵᠢᠶᠠᠨ ᠵᠢᠶᠦ᠋ᠨ  ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ  ᠲᠤᠪᠴᠢᠶᠠᠨ ᠳᠠᠷᠤᠭ᠎ᠠ      ᠰᠣ᠋ ᠵᠢᠶᠠᠨ ᠮᠢᠨ  ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ  ᠲᠤᠪᠴᠢᠶᠠᠨ ᠳᠠᠷᠤᠭ᠎ᠠ      ᠺᠦᠩ ᠬᠤᠸᠠ  ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ      ᠶᠢᠨ ᠹᠸᠢ ᠴᠢᠩ  ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ      ᠭᠦᠸᠧ ᠵᠢᠶᠦ᠋ᠨ ᠵᠢᠶᠦ᠋ᠨ  ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠱᠢ ᠴᠢᠶᠠᠩ ᠨᠥᠬᠦᠷ ᠬᠠᠪᠰᠤᠷᠭᠠᠨ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠥᠪᠯᠡᠷᠡᠭᠦᠯᠦᠨ ᠠᠵᠢᠯᠯᠠᠬᠤ᠂ ᠲᠥᠪᠯᠡᠷᠡᠭᠦᠯᠦᠨ ᠬᠠᠮᠢᠶᠠᠷᠬᠤ᠂ ᠨᠢᠭᠡᠳᠦᠯᠲᠡᠶ ᠲᠣᠬᠢᠷᠠᠭᠤᠯᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠵᠦ᠂ ᠠᠵᠢᠯᠲᠠᠨ ᠢ ᠡᠯ᠎ᠡ ᠪᠦᠷᠢᠯᠳᠦᠬᠦᠨ ᠨᠢᠭᠡᠴᠡ ᠠᠴᠠ ᠳᠤᠭᠤᠶᠢᠯᠠᠩ ︵ᠳᠣᠲᠣᠭᠠᠳᠤ ᠶᠢ ᠬᠠᠮᠠᠭᠠᠯᠠᠬᠤ 4 ᠬᠥᠮᠦᠨ᠂ ᠵᠠᠮ ᠬᠠᠷᠢᠯᠴᠠᠭ᠎ᠠ 4 ᠬᠥᠮᠦᠨ᠂ ᠲᠡᠭᠡᠭᠡᠪᠦᠷᠢ ᠶᠢᠨ ᠬᠠᠮᠢᠶᠠᠷᠤᠯᠲᠠ 2 ᠬᠥᠮᠦᠨ᠂ ᠵᠠᠮ ᠬᠠᠷᠢᠯᠴᠠᠭᠠᠨ ᠤ ᠴᠠᠭᠳᠠᠭ᠎ᠠ 2 ᠬᠥᠮᠦᠨ᠂ ᠬᠤᠲᠠ ᠶᠢᠨ ᠬᠠᠮᠢᠶᠠᠷᠤᠯᠲᠠ 4 ᠬᠥᠮᠦᠨ︶ ᠰᠣᠩᠭᠤᠵᠤ᠂ ᠬᠥᠮᠦᠨ ᠲᠣᠭᠲᠠᠭᠠᠬᠤ ᠠᠵᠢᠯ ᠤᠨ ᠪᠠᠶᠢᠷᠢ ᠲᠣᠭᠲᠠᠭᠠᠬᠤ ᠲᠡᠷᠭᠡ ᠲᠣᠭᠲᠠᠭᠠᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠪᠦᠷᠢᠯᠳᠦᠬᠦᠨ ᠨᠢᠭᠡᠴᠡ ᠠᠴᠠ ᠰᠤᠩᠭᠤᠬᠳᠠᠬᠰᠠᠨ ᠠᠵᠢᠯᠳᠠᠨ ᠲᠣᠰ ᠨᠢᠭᠡᠴᠡ ᠶᠢᠨ ᠢᠶᠠᠨ ᠠᠵᠢᠯ ᠠᠴᠠ ᠰᠠᠯᠵᠤ᠂ ᠠᠯᠪᠠᠨ ᠭᠡᠷ ᠠᠴᠠ ᠨᠢᠭᠡᠳᠦᠯᠲᠡᠶ ᠲᠣᠬᠢᠷᠠᠭᠤᠯᠵᠤ᠂ ᠲᠡᠭᠡᠭᠡᠪᠦᠷᠢ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠲᠣᠰ ᠪᠦᠷᠢ ᠨᠢᠭᠡ ᠰᠠᠭᠤᠷᠢ ᠬᠠᠤᠯᠢ ᠬᠡᠷᠡᠭᠵᠢᠭᠦᠯᠬᠦ ᠲᠡᠷᠭᠡ ᠲᠣᠬᠢᠷᠠᠭᠤᠯᠬᠤ ᠬᠡᠷᠡᠭᠲᠡᠶ᠃     ᠡᠯ᠎ᠡ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠤᠢ ᠪᠣᠯᠭᠠᠵᠤ᠂ ︽ᠬᠠᠷ᠎ᠠ ᠲᠡᠷᠭᠡ︾ ᠳᠤ ᠴᠣᠬᠢᠯᠲᠠ ᠥᠭᠬᠦ ᠶᠢ ᠪᠠᠶᠢᠩᠭᠤᠵᠢᠭᠤᠯᠬᠤ ᠬᠡᠷᠡᠭᠲᠡᠶ᠃ ᠬᠠᠮᠢᠶᠠᠷᠤᠯᠲᠠ ᠶᠢ ᠳᠠᠭᠠᠬᠤ ᠦᠭᠡᠢ᠂ ᠠᠵᠢᠯ ᠳᠤ ᠭᠠᠷᠬᠤ ᠦᠭᠡᠢ᠂ ᠬᠠᠤᠯᠢ ᠬᠡᠷᠡᠭᠵᠢᠭᠦᠯᠬᠦ ᠲᠣᠭᠲᠠᠭᠠᠯ ᠪᠣᠯᠤᠨ ᠱᠠᠭᠠᠷᠳᠠᠯᠭ᠎ᠠ ᠠᠴᠠ ᠵᠥᠷᠢᠴᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠣᠰ ᠨᠢᠭᠡᠴᠡ ᠳᠡᠭᠡᠨ ᠴᠠᠭ ᠲᠤᠬᠠᠶ ᠳᠤᠨᠢ ᠮᠡᠳᠡᠭᠳᠡᠵᠦ ᠠᠵᠢᠯᠲᠠᠨ ᠢ ᠳᠠᠬᠢᠵᠤ ᠲᠣᠬᠢᠷᠠᠭᠤᠯᠬᠤ ᠬᠡᠷᠡᠭᠲᠡᠶ᠃ ᠡᠭᠦᠨ ᠤ ᠬᠠᠮᠲᠤ ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠤᠨ ᠪᠥᠬᠦ ᠶᠠᠪᠤᠴᠠ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠮᠥᠷᠳᠡᠨ ᠬᠢᠨᠠᠯᠲᠠ ᠪᠠᠶᠢᠴᠠᠭᠠᠯᠲᠠ ᠶᠢ  ᠬᠦᠯᠢᠶᠡᠨ᠎ᠡ᠃      ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠤ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠬᠠᠷᠢᠶ᠎ᠠ ᠣᠷᠣᠨ ᠤ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾᠂ ᠲᠥᠷᠥ ᠶᠢᠨ ᠶᠠᠪᠤᠳᠠᠯ ᠤᠨ ᠬᠤᠷᠢᠶᠠᠨ ᠤ ︽ᠦᠨᠡᠮᠯᠡᠯ ᠦᠭᠡᠢ ᠡᠵᠡᠩᠨᠡᠯᠲᠡ ᠶᠢ ᠪᠠᠶᠢᠴᠠᠭᠠᠨ ᠰᠢᠢᠳᠪᠦᠷᠢᠯᠡᠵᠦ ᠬᠦᠴᠦᠨ ᠦᠭᠡᠢ ᠪᠣᠯᠭᠠᠬᠤ ᠠᠷᠭ᠎ᠠ︾᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ  ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠲᠣᠬᠢᠷᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠴᠡᠭᠴᠡᠯᠡᠨ ᠵᠠᠰᠠᠬᠤ ᠶᠠᠪᠤᠴᠠ ᠳᠤ ᠬᠠᠤᠯᠢ ᠪᠤᠰᠤ ᠲᠡᠷᠭᠡ ᠬᠥᠰᠬᠡ ᠵᠢᠴᠢ ᠲᠡᠷᠭᠡ ᠬᠥᠰᠬᠡ ᠶᠢ ᠪᠠᠶᠢᠴᠠᠭᠠᠨ ᠰᠠᠭᠤᠯᠭᠠᠨ ᠠᠪᠬᠤ᠂ ᠰᠢᠢᠳᠭᠡᠨ ᠲᠣᠷᠭᠠᠬᠤ ᠵᠢᠴᠢ ᠬᠠᠤᠯᠢ ᠪᠤᠰᠤ ᠪᠠᠷ ᠲᠦᠷᠢᠶᠡᠰᠦᠯᠡᠭᠦᠯᠬᠦ ᠪᠡᠯᠡᠳᠬᠡᠮᠵᠢ ᠶᠢ ᠡᠪᠳᠡᠵᠦ ᠬᠠᠶᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃     ︵ᠭᠤᠷᠪᠠ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠦᠬᠦ ᠶᠠᠪᠤᠴᠠ ᠶᠢᠨ ᠴᠡᠭᠴᠡᠯᠡᠨ ᠵᠠᠰᠠᠬᠤ ᠠᠵᠢᠯ ᠳᠤ ᠣᠷᠣᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠭᠡᠭᠦ ᠬᠡᠷᠡᠭᠲᠡᠶ᠃ ᠡᠭᠦᠨ ᠤ ᠬᠠᠮᠲᠤ᠂ ᠪᠢᠴᠢᠯ ᠳᠣᠬᠢᠶ᠎ᠠ᠂ ᠣᠯᠠᠨ ᠨᠡᠶᠢᠲᠡ ᠶᠢᠨ ᠳ᠋ᠤᠭᠠᠷ ᠵᠡᠷᠭᠡ ᠲᠣᠤᠷ ᠰᠦᠯᠵᠢᠶᠡᠨ ᠤ ᠠᠴᠢᠶᠠᠯᠠᠪᠤᠷᠢ ᠶᠢ ᠠᠰᠢᠭᠯᠠ ᠬᠠᠤᠯᠢ ᠪᠤᠰᠤ ᠪᠠᠷ ᠠᠶᠠᠨᠴᠢᠳ ᠢ ᠲᠠᠲᠠᠵᠤ᠂ ᠵᠣᠴᠢᠳ ᠤᠨ ᠢᠷᠡᠯᠲᠡ ᠶᠢ ᠬᠠᠩᠭᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠷᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠠᠤᠯᠢ ᠪᠤᠰᠤ ᠪᠠᠷ ᠡᠵᠡᠩᠨᠡᠭᠰᠡᠨ ᠲᠡᠷᠭᠡ ᠬᠥᠰᠬᠡ ᠶᠢ ᠲᠤᠬᠠᠶ ᠶᠢᠨ ᠭᠠᠵᠠᠷ ᠲᠤᠨᠢ ᠭᠡᠷᠡᠴᠢ ᠠᠪᠬᠤ᠂ ᠤᠬᠤᠴᠢᠯᠠᠬᠤ ᠪᠠ ᠠᠰᠠᠭᠤᠨ ᠯᠠᠪᠯᠠᠵᠤ  ᠪᠠᠶᠢᠭᠠᠳ ᠭᠡᠷᠡᠴᠢ ᠠᠪᠬᠤ ᠬᠡᠷᠡᠭᠲᠡᠶ᠃     ︵ᠲᠦᠷᠪᠡ︶ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠬᠠᠤᠯᠢ ᠪᠤᠰᠤ ᠲᠡᠷᠭᠡ ᠶᠢᠨ ᠵᠢᠯᠣᠭᠤᠴᠢ ᠶᠢᠨ ᠦᠨᠡᠮᠯᠡᠯ ᠬᠢᠭᠡᠳ ᠡᠯ᠎ᠡ ᠲᠥᠷᠥᠯ ᠤᠨ ᠬᠢᠷᠢ ᠭᠡᠮ ᠤᠨ ᠦᠨᠡᠮᠯᠡᠯ ᠢ ᠪᠠᠶᠢᠴᠠᠭᠠᠨ ᠰᠢᠯᠭᠠᠬᠤ ᠶᠢᠨ ᠬᠠᠮᠲᠤ ᠬᠠᠤᠯᠢ ᠬᠡᠷᠡᠭᠵᠢᠭᠦᠯᠦᠭᠰᠡᠨ ᠲᠡᠮᠳᠡᠭᠯᠡᠯ ᠤᠨ ᠠᠵᠢᠯ ᠢ ᠰᠠᠶᠢᠲᠤᠷ ᠬᠢᠵᠦ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠬᠠᠤᠯᠢ ᠪᠤᠰᠤ ᠲᠡᠭᠡᠭᠡᠪᠦᠷᠢ ᠶᠢᠨ ᠪᠡᠯᠡᠳᠬᠡᠮᠵᠢ ᠶᠢ ᠡᠪᠳᠡᠵᠦ ᠬᠠᠶᠠᠬᠤ ᠬᠡᠷᠡᠭᠲᠡᠢ᠃     ︵ᠲᠠᠪᠤ︶ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠳᠠᠯᠳᠠᠭᠤᠷ ᠰᠤᠷᠪᠤᠯᠵᠢᠯᠠᠵᠤ ᠭᠡᠷᠡᠴᠢ ᠠᠪᠬᠤ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠲᠡᠷᠭᠡ ᠬᠥᠰᠬᠡ ᠶᠢ ᠪᠠᠶᠢᠴᠠᠭᠠᠨ ᠦᠯᠡᠳᠡᠭᠡᠵᠦ ᠠᠪᠬᠤ ᠣᠢᠶ᠎ᠠ ᠳᠤ ᠪᠠᠶᠢᠴᠠᠭᠠᠨ ᠦᠯᠡᠳᠡᠭᠡᠵᠦ ᠠᠪᠤᠭᠰᠠᠨ ᠲᠡᠷᠭᠡ ᠬᠥᠰᠬᠡ ᠶᠢ ᠵᠢᠭᠠᠨ ᠲᠣᠭᠲᠠᠭᠠᠭᠰᠠᠨ ᠲᠡᠷᠭᠡᠨ ᠵᠣᠭᠰᠣᠭᠠᠯ ᠳᠤ ᠢᠯᠭᠠᠷᠠᠭᠤᠯᠤᠨ ᠣᠷᠣᠭᠤᠯᠤᠨ᠎ᠠ᠃     ︵ᠵᠢᠷᠭᠤᠭ᠎ᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠰᠤᠷᠤᠭᠴᠢ ᠵᠦᠬᠡᠬᠡᠪᠦᠷᠢᠯᠡᠬᠦ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠰᠤᠷᠤᠭᠴᠢ ᠵᠢᠴᠢ ᠭᠡᠷ ᠤᠨ ᠠᠬᠠᠮᠠᠳ ᠲᠤ︽ᠬᠠᠷ᠎ᠠ ᠲᠡᠷᠭᠡ︾ ᠳᠤ ᠴᠣᠬᠢᠯᠲᠠ ᠥᠭᠬᠦ ᠶᠢᠨ ᠴᠢᠬᠤᠯᠠ ᠴᠢᠨᠠᠷ ᠢ ᠤᠬᠠᠭᠤᠯᠵᠤ᠂ ᠰᠤᠷᠤᠭᠴᠢᠳ ᠢ ᠰᠠᠨᠠᠭᠠᠴᠢᠯᠠᠭ᠎ᠠ ᠠᠴᠠ ᠪᠠᠨ ᠬᠡᠲᠦᠷᠡᠲᠡᠯ᠎ᠡ ᠲᠡᠭᠡᠭᠡᠭᠰᠡᠨ᠂ ᠬᠠᠶᠠᠭᠳᠠᠮᠠᠯ ᠲᠡᠷᠭᠡ ᠵᠢᠴᠢ ᠰᠤᠷᠤᠭᠴᠢᠳ ᠢ ᠲᠤᠰᠴᠤ ᠬᠦᠷᠭᠡᠭᠰᠡᠨ ︽ᠬᠠᠷ᠎ᠠ ᠲᠡᠷᠭᠡ︾ ᠳᠤ ᠰᠠᠭᠤᠬᠤ ᠦᠭᠡᠢ ᠪᠠᠶᠢᠯᠭᠠᠬᠤ ᠬᠡᠷᠡᠭᠲᠡᠶ᠃       ᠲᠦᠷᠪᠡ᠂ ᠠᠵᠢᠯ ᠤᠨ ᠠᠷᠭ᠎ᠠ ᠬᠡᠮᠵᠢᠶ᠎ᠡ       ᠪᠠᠶᠢᠴᠠᠭᠠᠨ ᠰᠠᠭᠤᠯᠭᠠᠨ ᠠᠪᠬᠤ ᠠᠷᠭ᠎ᠠ᠄ ᠴᠢᠭ ᠲᠣᠭᠲᠠᠭᠠᠬᠤ ᠦᠭᠡᠢ᠂ ᠬᠠᠤᠯᠢ ᠪᠤᠰᠤ ᠲᠡᠷᠭᠡ ᠬᠥᠰᠬᠡ ᠶᠢ ᠪᠠᠶᠢᠴᠠᠭᠠᠨ ᠰᠠᠭᠤᠯᠭᠠᠨ ᠠᠪᠬᠤ ᠦᠭᠡᠢ ᠠᠷᠭ᠎ᠠ ᠮᠠᠶ᠋ᠢᠭ ᠢ ᠠᠪᠴᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠲᠡᠶ᠃ ᠡᠭᠦᠨ ᠤ ᠬᠠᠮᠲᠤ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠶ᠃    ᠰᠢᠢᠳᠭᠡᠨ ᠲᠣᠷᠭᠠᠬᠤ ᠠᠷᠭ᠎ᠠ᠄ ︽ᠦᠨᠡᠮᠯᠡᠯ ᠥᠬᠡᠶ ᠡᠵᠡᠩᠨᠡᠯᠲᠡ ᠶᠢ ᠪᠠᠶᠢᠴᠠᠭᠠᠨ ᠰᠢᠢᠳᠪᠦᠷᠢᠯᠡᠵᠦ ᠬᠦᠴᠦᠨ ᠥᠬᠡᠶ ᠪᠣᠯᠭᠠᠬᠤ ᠠᠷᠭ᠎ᠠ︾᠂ ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠲᠣᠬᠢᠷᠠᠬᠤ ᠳᠦᠷᠢᠮ︾ ᠢᠶᠠᠷ ᠯᠠᠪᠯᠠᠯᠲᠠ ᠪᠣᠯᠭᠠᠵᠤ᠂ ᠬᠠᠤᠯᠢ ᠪᠤᠰᠤ ᠲᠡᠷᠭᠡ ᠬᠥᠰᠬᠡ ᠶᠢ ᠠᠩᠬ᠎ᠠ ᠤᠳᠠᠭ᠎ᠠ ᠪᠠᠶᠢᠴᠠᠭᠠᠨ ᠦᠯᠡᠳᠡᠭᠡᠵᠦ᠂ ᠮᠠᠰᠢᠨ ᠲᠡᠷᠭᠡ ᠶᠢ 30 ᠡᠳᠦᠷ ᠦᠯᠡᠳᠡᠭᠡᠵᠦ᠂ 5000 ᠲᠥᠭᠦᠷᠢᠭ ᠢᠶᠠᠷ ᠲᠣᠷᠭᠠᠨ᠎ᠠ︔ ᠬᠤᠶᠠᠳᠠᠬᠢ ᠤᠳᠠᠭ᠎ᠠ ᠪᠠᠶᠢᠴᠠᠭᠠᠨ ᠬᠠᠰᠤᠨ᠎ᠠ᠂ ᠮᠠᠰᠢᠨ ᠲᠡᠷᠭᠡ ᠶᠢ 60 ᠡᠳᠦᠷ ᠦᠯᠡᠳᠡᠬᠡᠵᠦ᠂ 6000 ᠲᠥᠭᠦᠷᠢᠭ ᠢᠶᠠᠷ ᠲᠣᠷᠭᠠᠨ᠎ᠠ︔ ᠭᠤᠷᠪᠠᠳᠠᠬᠢ ᠤᠳᠠᠭ᠎ᠠ ᠪᠠᠶᠢᠴᠠᠭᠠᠨ ᠲᠣᠳᠣᠯᠠᠵᠤ᠂ ᠮᠠᠰᠢᠨ ᠲᠡᠷᠭᠡ ᠶᠢ 60 ᠡᠳᠦᠷ ᠦᠯᠡᠳᠡᠬᠡᠵᠦ᠂ 10000 ᠲᠥᠭᠦᠷᠢᠭ ᠢᠶᠠᠷ ᠲᠤᠷᠠᠭᠠᠨ᠎ᠠ᠃      ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠠᠷᠭ᠎ᠠ ᠬᠡᠯᠪᠡᠷᠢ᠄        1. ᠤᠲᠠᠰᠤ ᠪᠠᠷ ᠢᠯᠡᠴᠢᠯᠡᠨ ᠮᠡᠳᠡᠬᠦᠯᠦᠨ᠎ᠡ        2. ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢ ᠢᠯᠡᠴᠢᠯᠡᠨ ᠮᠡᠳᠡᠭᠦᠯᠦᠨ᠎ᠡ        3. ᠪᠢᠴᠢᠭ ᠮᠠᠲ᠋ᠧᠷᠢᠶᠠᠯ ᠢᠶᠠᠷ ᠢᠯᠡᠴᠢᠯᠡᠨ ᠮᠡᠳᠡᠬᠦᠯᠦᠨ᠎ᠡ      ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠦ ᠰᠢᠢᠳᠪᠦᠷᠢᠯᠡᠬᠦ ᠴᠠᠭ᠄        1. ᠬᠡᠪ ᠤᠨ ᠠᠵᠢᠯᠯᠠᠬᠤ ᠡᠳᠦᠷ        2. ᠲᠤᠬᠠᠶ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠴᠠᠭ ᠬᠤᠭᠤᠴᠠᠭ᠎ᠠ      ᠢᠯᠡᠴᠢᠯᠡᠨ ᠮᠡᠳᠡᠭᠦᠯᠬᠦ ᠤᠲᠠᠰᠤ᠄ 0474 — 3589452      ᠲᠠᠪᠤ᠂ ᠠᠵᠢᠯ ᠤᠨ ᠱᠠᠭᠠᠷᠳᠠᠯᠭ᠎ᠠ     ︵ᠨᠢᠭᠡ︶ ᠲᠥᠪᠯᠡᠷᠡᠭᠦᠯᠦᠨ ᠴᠡᠭᠴᠡᠯᠡᠨ ᠵᠠᠰᠠᠬᠤ᠃ ᠢᠯᠡ ᠪᠠᠷ ᠪᠠᠶᠢᠴᠠᠭᠠᠵᠤ ᠳᠠᠯᠳᠠ ᠠᠴᠠ ᠰᠤᠷᠪᠤᠯᠵᠢᠯᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠷᠭ᠎ᠠ ᠮᠠᠶ᠋ᠢᠭ ᠢ ᠠᠪᠴᠤ᠂ ᠬᠠᠤᠯᠢ ᠪᠤᠰᠤ ᠪᠠᠷ ᠲᠦᠷᠢᠶᠡᠰᠦᠯᠡᠭᠦᠯᠬᠦ ᠴᠢᠨᠠᠷᠲᠠᠶ ᠢᠯᠡᠷᠬᠡᠶ ᠲᠡᠮᠳᠡᠭ ᠲᠠᠢ ᠲᠡᠷᠭᠡ ᠬᠥᠰᠬᠡ ᠵᠢᠴᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠤ ᠵᠢᠯᠣᠭᠤᠴᠢ ᠶᠢᠨ ᠢᠯᠡᠴᠢᠯᠡᠨ ᠮᠡᠳᠡᠭᠦᠯᠦᠭᠰᠡᠨ ᠲᠡᠷᠭᠡ ᠬᠥᠰᠬᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠪᠠᠶᠢᠩᠭᠤ ᠶᠢᠨ ᠴᠢᠨᠠᠷᠲᠠᠶ ︽ᠬᠠᠤᠯᠢ ᠪᠤᠰᠤ ᠪᠠᠷ ᠲᠦᠷᠢᠶᠡᠰᠦᠯᠡᠭᠦᠯᠬᠦ︾ ᠲᠡᠷᠭᠡ ᠬᠥᠰᠬᠡ ᠳᠤ ᠭᠤᠤᠯᠳᠠᠯᠭ᠎ᠠ ᠲᠠᠢ ᠴᠣᠬᠢᠯᠲᠠ ᠥᠭᠬᠦ ᠬᠡᠷᠡᠭᠲᠡᠶ᠃     ︵ᠬᠤᠶᠠᠷ︶ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ᠂ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠬᠠᠤᠯᠢ ᠪᠤᠰᠤ ᠲᠡᠷᠭᠡ ᠬᠥᠰᠬᠡ ᠳᠤ ᠴᠣᠬᠢᠯᠲᠠ ᠥᠭᠬᠦ ᠳᠤ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠤᠢ ᠪᠣᠯᠭᠠᠬᠤ ᠶᠢᠨ ᠬᠠᠮᠲᠤ ᠪᠠᠶᠢᠩᠭᠤᠵᠢᠭᠤᠯᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠪᠠᠶᠢᠴᠠᠭᠠᠨ ᠬᠤᠷᠢᠶᠠᠬᠤ ᠶᠠᠪᠤᠴᠠ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠬᠠᠷᠢᠯᠴᠠᠨ ᠲᠦᠯᠬᠢᠯᠴᠡᠬᠦ ᠶᠢ ᠡᠷᠡᠰ ᠬᠤᠷᠢᠭᠯᠠᠨ ᠵᠣᠭᠰᠣᠭᠠᠵᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠨᠥᠯᠥᠭᠡᠯᠡᠬᠦ ᠬᠡᠷᠡᠭᠲᠡᠶ᠃    ︵ᠭᠤᠷᠪᠠ︶ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠬᠠᠤᠯᠢ ᠪᠤᠰᠤ ᠬᠠᠷ᠎ᠠ ᠲᠡᠷᠭᠡ ᠡᠷᠲᠡ᠂ ᠳᠤᠮᠳᠠ᠂ ᠣᠷᠣᠢ᠂ ᠪᠠᠶᠠᠷ ᠳᠤᠷᠠᠰᠬᠠᠯ ᠤᠨ ᠡᠳᠦᠷ ᠪᠠ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠴᠠᠭ ᠲᠤ ᠣᠯᠠᠨᠲᠠ ᠬᠥᠳᠡᠯᠳᠡᠭ ᠪᠣᠯᠬᠤᠷ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠬᠡᠪ ᠤᠨ ᠠᠵᠢᠯᠯᠠᠬᠤ ᠴᠠᠭ ᠠᠴᠠ ᠭᠠᠳᠠᠨ᠎ᠠ ᠮᠥᠨ ᠯᠡ ᠨᠢᠭᠡᠳᠦᠭᠡᠷ ᠹᠷᠣᠨᠲ ᠳᠤ ᠠᠵᠢᠯᠯᠠᠵᠤ ᠪᠠᠶᠢᠭ᠎ᠠ ᠬᠥᠮᠦᠰ ᠲᠤ ᠬᠥᠳᠡᠭᠡ ᠪᠠᠭᠤᠬᠤ ᠠᠵᠢᠯᠲᠠᠨ ᠤ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠨᠥᠬᠦᠪᠥᠷᠢ ᠣᠯᠭᠤᠵᠤ᠂ ᠪᠠᠶᠠᠷ ᠳᠤᠷᠠᠰᠬᠠᠯ ᠤᠨ ᠡᠳᠦᠷ ᠴᠠᠭ ᠨᠡᠮᠡᠵᠦ ᠠᠵᠢᠯᠯᠠᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠡᠭᠦᠨ ᠤ ᠬᠠᠮᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠡᠷᠭᠡ ᠬᠥᠰᠬᠡ ᠶᠢᠨ ᠲᠣᠷᠭᠠᠵᠤ ᠬᠤᠷᠢᠶᠠᠮᠵᠢᠯᠠᠭᠰᠠᠨ ᠵᠣᠭᠤᠰ ᠢ ᠬᠤᠲᠠ ᠶᠢᠨ ᠡᠳ᠋ ᠤᠨ ᠵᠠᠰᠠᠭ ᠲᠤ ᠨᠢᠭᠡᠳᠦᠯᠲᠡᠶ ᠲᠤᠰᠢᠶᠠᠵᠤ᠂ ᠬᠤᠲᠠ ᠶᠢᠨ ᠡᠳ᠋ ᠤᠨ ᠵᠠᠰᠠᠭ ᠠᠴᠠ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠵᠢᠯ ᠤᠨ ᠵᠠᠷᠤᠳᠠᠯ ᠢ ᠴᠡᠭᠴᠡᠯᠡᠨ ᠵᠠᠰᠠᠬᠤ ᠶᠢ ᠬᠠᠷᠢᠭᠤᠴᠠᠵᠤ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠲᠦᠷᠪᠡ︶ ᠢᠯᠡᠴᠢᠯᠡᠨ ᠮᠡᠳᠡᠭᠦᠯᠬᠦ ᠳᠦᠷᠢᠮ ᠪᠠᠶᠢᠭᠤᠯᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠢᠯᠡᠴᠢᠯᠡᠨ ᠮᠡᠳᠡᠬᠦᠯᠬᠦ ᠶᠢ ᠵᠤᠷᠢᠬᠵᠢᠭᠤᠯᠤᠨ ᠮᠡᠳᠡᠭᠦᠯᠦᠭᠰᠡᠨ ᠮᠡᠳᠡᠭᠡ ᠵᠠᠩᠭᠢ ᠶᠢᠨ ᠬᠠᠪᠰᠤᠷᠤᠯᠭ᠎ᠠ ᠪᠠᠷ ︽ᠬᠠᠷ᠎ᠠ ᠲᠡᠷᠭᠡ︾ ᠶᠢ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ᠂ ᠲᠦᠷᠢᠶᠡᠰᠦᠯᠡᠭᠦᠯᠬᠦ ᠺᠣᠮᠫᠠᠨᠢ ᠪᠣᠯᠤᠨ ᠲᠦᠷᠢᠶᠡᠰᠦᠨ ᠮᠠᠰᠢᠨ ᠤ ᠵᠢᠯᠣᠭᠤᠴᠢ ᠬᠠᠷ᠎ᠠ ᠲᠡᠷᠭᠡᠨ ᠳᠤ ᠴᠣᠬᠢᠯᠲᠠ ᠥᠭᠬᠦ ᠠᠵᠢᠯ ᠳᠤ ᠢᠳᠡᠪᠬᠢᠲᠡᠢ ᠣᠷᠣᠯᠴᠠᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠨ᠂ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠠᠮᠲᠤᠪᠠᠷ ᠴᠡᠭᠴᠡᠯᠡᠨ ᠵᠠᠰᠠᠵᠤ᠂ ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ ᠶᠠᠪᠤᠵᠤ ᠰᠠᠭᠤᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃                     ᠤᠷᠴᠢᠭᠤᠯᠤᠬᠴᠢ᠄   ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3