ᠲᠦᠷᠦᠭᠦᠬᠡᠨ ᠨᠡᠶᠢᠲᠡᠯᠡᠭᠰᠡᠨ ︽ᠬᠢᠲᠠᠳ ᠡᠮ ᠡᠮᠨᠡᠯᠭᠡ ᠶᠢ ᠤᠯᠠᠮᠵᠢᠯᠠᠨ ᠰᠢᠨ᠎ᠠ ᠶᠢ ᠡᠭᠦᠳᠴᠦ ᠬᠦᠭᠵᠢᠬᠦᠯᠬᠦ | ᠲᠤᠬᠠᠢ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ 2022 ᠤᠨ ᠪᠤᠯᠲᠠᠯ᠎ᠠ | ᠰᠢᠶᠠᠨ ᠠᠴᠠ ᠡᠷᠬᠢᠯᠡᠭᠰᠡᠨ ᠬᠢᠲᠠᠳ ᠡᠮ ᠡᠮᠨᠡᠯᠭᠡ ᠶᠢᠨ ᠡᠮᠴᠢᠯᠡᠬᠡᠨ ᠤ ᠪᠠᠶᠢᠭᠤᠯᠤᠮᠵᠢ ᠶᠢ ᠪᠦᠬᠦᠨ ᠢ ᠪᠦᠷᠬᠦᠬᠦᠯᠬᠦ ᠶᠢ | ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠦᠪ ᠪᠤᠯᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮᠨᠡᠯᠭᠡ ᠶᠢᠨ ᠤᠷᠳᠤᠨ ᠢ | ᠲᠤᠬᠢᠷᠠᠭᠤᠯᠵᠤ᠂ ᠬᠢᠲᠠᠳ ᠡᠮᠨᠡᠯᠭᠡ ᠶᠢᠨ ᠡᠮᠴᠢ ᠶᠢ ᠲᠤᠬᠢᠷᠠᠭᠤᠯᠬᠤ ᠶᠢ ᠴᠢᠷᠮᠠᠶᠢᠨ ᠪᠠᠶᠡᠯᠡᠭᠦᠯᠦᠨ᠎ᠠ ᠭᠡᠵᠦ ᠳᠤᠷᠠᠳᠪᠠ᠃ | | ᠬᠢᠲᠠᠳ ᠡᠮ ᠡᠮᠨᠡᠯᠭᠡ ᠪᠤᠯ ᠤᠯᠠᠨ ᠲᠦᠮᠡᠨ ᠳᠤ ᠲᠠᠭᠠᠯᠠᠬᠳᠠᠬᠰᠠᠨ ᠪᠡᠶ᠎ᠠ ᠰᠤᠪᠢᠯᠠᠬᠤ ᠡᠷᠡᠭᠦᠯᠵᠢᠭᠦᠯᠬᠦ ᠪᠠ | ᠡᠪᠡᠳᠴᠢᠨ ᠡᠮᠨᠡᠬᠦ ᠠᠷᠭ᠎ᠠ ᠬᠡᠯᠪᠡᠷᠢ ᠪᠤᠯᠤᠨ᠎ᠠ᠃ ᠤᠢᠢᠷ᠎ᠠ ᠶᠢᠨ ᠵᠢᠯ ᠠᠴᠠ᠂ ᠮᠠᠨ ᠤ ᠤᠯᠤᠰ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠠᠷᠭ᠎ᠠ | ᠬᠡᠮᠵᠢᠶ᠎ᠠ ᠶᠢ ᠲᠤᠬᠲᠠᠭᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠰᠠᠶᠢᠵᠢᠷᠠᠭᠤᠯᠪᠠ᠃ | ᠰᠤᠷᠪᠤᠯᠵᠢᠯᠠᠬᠴᠢ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ | ᠤᠢᠢᠯᠠᠭᠠᠬᠰᠠᠨ ᠢᠶᠠᠷ᠂ 2018 ᠤᠨ ᠤ ᠰᠡᠬᠦᠯᠴᠢ ᠪᠤᠯᠲᠠᠯ᠎ᠠ᠂ ᠪᠦᠬᠦ ᠤᠯᠤᠰ ᠤᠨ 98.5% ᠶᠢᠨ ᠨᠡᠶᠢᠭᠡᠮ | ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂97.0% ᠤᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠨᠢᠭᠡᠨᠲᠡ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠨᠭ᠍ᠭᠠᠵᠤ ᠳᠡᠶᠢᠯᠬᠦ ᠪᠤᠯᠪᠠ︔ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ | ᠪᠦᠬᠦ ᠤᠯᠤᠰ ᠤᠨ ᠬᠢᠲᠠᠳ ᠡᠮ ᠡᠮᠨᠡᠯᠭᠡ ᠶᠢᠨ ᠪᠠᠶᠢᠭᠤᠯᠤᠮᠵᠢ ᠨᠡᠮᠡᠭᠳᠡᠭᠡᠳ 6 ᠲᠦᠮᠡ ᠭᠠᠷᠤᠢ ᠳᠤ ᠬᠦᠷᠴᠦ᠂ | ᠬᠢᠲᠠᠳ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠤᠷᠤ 120 ᠲᠦᠮᠡ ᠶᠢ ᠳᠠᠪᠠᠪᠠ᠃ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠴᠢᠨᠠᠬᠰᠢᠲᠠ ᠪᠦᠷᠢᠨᠰᠢᠭᠦᠯᠬᠦ ᠶᠢᠨ | ᠲᠦᠯᠦᠭᠡ᠂ ᠰᠠᠨᠠᠯ ᠳᠤ᠂ ᠬᠢᠲᠠᠳ ᠡᠮᠨᠡᠯᠭᠡ ᠶᠢᠨ ᠭᠠᠵᠠᠷ᠂ ᠡᠭᠦᠳᠡᠨ ᠡᠮᠨᠡᠯᠭᠡ ᠶᠢᠨ ᠭᠠᠵᠠᠷ ᠪᠤᠯᠤᠨ ᠤᠨᠴᠠᠯᠢᠬᠲᠤ | ᠲᠤᠰᠬᠠᠢ ᠰᠠᠯᠠᠭᠠᠨ ᠤ ᠡᠮᠨᠡᠯᠭᠡ ᠶᠢ ᠶᠡᠭᠡ ᠪᠠᠷ ᠬᠦᠭᠵᠢᠭᠦᠯᠵᠦ᠂ ᠬᠡᠯᠬᠢᠶᠡᠵᠢᠭᠦᠯᠦᠨ ᠡᠵᠡᠩᠨᠡᠬᠦ ᠶᠢ ᠵᠤᠷᠢᠬᠵᠢᠭᠤᠯᠤᠨ᠎ᠠ | ᠭᠡᠵᠦ ᠳᠤᠷᠠᠳᠪᠠ᠃ ᠡᠭᠦᠨ ᠤ ᠵᠡᠷᠭᠡ ᠪᠠᠷ᠂ ᠠᠷᠠᠳ ᠤᠯᠠᠨ ᠤ ᠬᠢᠲᠠᠳ ᠡᠮ ᠡᠮᠨᠡᠯᠭᠡ ᠪᠠᠷ ᠡᠮᠴᠢᠯᠡᠭᠦᠯᠬᠦ ᠳᠤ | ᠳᠦᠭᠦᠮ ᠦᠵᠡᠭᠦᠯᠬᠦ ᠶᠢᠨ ᠲᠦᠯᠦᠭᠡ᠂ ᠰᠠᠨᠠᠯ ᠳᠤ᠂ ︽ᠢᠨᠲᠧᠷ ᠰᠦᠯᠵᠢᠶ᠎ᠠ + ᠬᠢᠲᠠᠳ ᠡᠮ ᠡᠮᠨᠡᠯᠭᠡ ᠶᠢᠨ ᠡᠷᠡᠭᠦᠯ | ᠮᠡᠨᠳᠦ ᠶᠢᠨ ᠦᠢᠯᠡᠴᠢᠯᠡᠭᠡ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ᠶᠢᠨ ᠡᠯᠧᠺᠳ᠋ᠷᠤᠨ | ᠡᠪᠡᠳᠴᠢᠨ ᠤ ᠲᠡᠦᠬᠡ᠂ ᠡᠯᠧᠺᠳ᠋ᠷᠤᠨ ᠵᠤᠷ ᠵᠡᠷᠭᠡ ᠪᠠᠷ ᠭᠤᠤᠯᠳᠠᠯᠭ᠎ᠠ ᠪᠤᠯᠭᠠᠬᠰᠠᠨ ᠦᠨᠳᠦᠰᠦᠨ ᠳ᠋ᠠᠶᠢᠲ᠋ᠠ ᠶᠢᠨ | ᠬᠦᠮᠦᠷᠭᠡ ᠶᠢ ᠪᠠᠶᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠳᠤ ᠲᠦᠰᠢᠭᠯᠡᠨ ᠢᠨᠲᠧᠷ ᠰᠦᠯᠵᠢᠶᠡᠨ ᠤ ᠬᠢᠲᠠᠳ | ᠡᠮ ᠡᠮᠨᠡᠯᠭᠡ ᠶᠢᠨ ᠬᠤᠷᠢᠶ᠎ᠠ ᠶᠢ ᠬᠦᠭᠵᠢᠭᠦᠯᠬᠦ ᠶᠢ ᠵᠤᠷᠢᠬᠵᠢᠭᠤᠯᠵᠤ᠂ ᠬᠢᠲᠠᠳ ᠡᠮᠨᠡᠯᠭᠡ ᠶᠢᠨ ᠤᠶᠤᠨᠴᠢ | ᠤᠨᠤᠰᠢᠯᠠᠨᠡᠮᠴᠢᠯᠡᠬᠦ ᠳᠤ ᠲᠤᠰᠠᠯᠠᠬᠤ ᠰᠢᠰᠲ᠋ᠧᠮ ᠢ ᠨᠡᠭᠡᠭᠡᠨ ᠬᠦᠭᠵᠢᠭᠦᠯᠵᠦ᠂ ᠰᠦᠯᠵᠢᠶᠡᠨ ᠳᠡᠭᠡᠷ᠎ᠠ ᠪᠠ | ᠰᠦᠯᠵᠢᠶᠡᠨ ᠠᠴᠠ ᠭᠠᠳᠠᠨᠠᠬᠢ ᠶᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡ ᠪᠠ ᠠᠯᠤᠰ ᠠᠴᠠ ᠡᠮᠨᠡᠬᠦ | ᠦᠢᠯᠡᠴᠢᠯᠡᠭᠡ ᠶᠢ ᠦᠷᠨᠢᠭᠦᠯᠬᠦ ᠶᠢ ᠠᠬᠢᠭᠤᠯᠤᠨ᠎ᠠ ᠭᠡᠵᠦ ᠳᠤᠷᠠᠳᠪᠠ᠃ | ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠤᠯᠠᠨ ᠲᠦᠮᠡᠨ ᠳᠤ ᠪᠠᠰᠠ ᠴᠢᠨᠠᠷ ᠰᠠᠶᠢᠲᠠᠢ ᠬᠢᠲᠠᠳ ᠡᠮ | ᠡᠮᠨᠡᠯᠭᠡ ᠶᠢᠨ ᠦᠢᠯᠡᠴᠢᠯᠡᠭᠡ ᠶᠢ ᠬᠦᠷᠲᠡᠭᠡᠬᠦ ᠶᠢᠨ ᠲᠦᠯᠦᠭᠡ᠂ ᠰᠠᠨᠠᠯ ᠳᠤ ᠪᠠᠰᠠ᠂ ᠠᠵᠢᠯ ᠤᠨ ᠠᠮᠠᠷᠠᠯᠲᠠ ᠪᠠᠨ | ᠠᠪᠤᠬᠰᠠᠨ ᠬᠢᠲᠠᠳ ᠡᠮᠨᠡᠯᠭᠡ ᠶᠢᠨ ᠡᠮᠴᠢ ᠦᠨᠳᠦᠰᠦᠨ ᠱᠠᠲᠤᠨ ᠳᠤ ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠵᠤ᠂ | ᠦᠨᠳᠦᠰᠦᠨ ᠱᠠᠲᠤᠨ ᠳᠤ ᠤᠷᠲᠤ ᠬᠤᠭᠤᠴᠠᠭ᠎ᠠ ᠪᠠᠷ ᠦᠢᠯᠡᠴᠢᠯᠡᠭᠡ ᠬᠠᠨᠭ᠍ᠭᠠᠵᠤ ᠪᠠᠶᠢᠭ᠎ᠠ ᠬᠢᠲᠠᠳ ᠡᠮᠨᠡᠯᠭᠡ ᠶᠢᠨ | ᠡᠮᠴᠢ ᠶᠢᠨ ᠮᠡᠷᠭᠡᠵᠢᠯ ᠤᠨ ᠴᠤᠯᠠ ᠳᠠᠪᠰᠢᠬᠤ ᠨᠦᠬᠦᠴᠡᠯ ᠤᠨ ᠬᠢᠵᠠᠭᠠᠷᠯᠠᠯ ᠢ ᠰᠤᠯᠠᠷᠠᠭᠤᠯᠤᠨ᠎ᠠ︔ ᠶᠡᠷᠦᠩᠬᠡᠢ | ᠰᠠᠯᠠᠭᠠᠨ ᠤ ᠡᠮᠴᠢ ᠪᠤᠯᠤᠨ ᠬᠦᠳᠡᠭᠡ ᠲᠤᠰᠬᠤᠨ ᠤ ᠡᠮᠴᠢ ᠶᠢᠨ ᠬᠢᠲᠠᠳ ᠡᠮ ᠡᠮᠨᠡᠯᠭᠡ ᠶᠢᠨ ᠮᠡᠳᠡᠯᠭᠡ ᠪᠠ ᠤᠷ᠎ᠠ | ᠮᠡᠷᠭᠡᠵᠢᠯ ᠤᠨ ᠪᠤᠯᠪᠠᠰᠤᠷᠠᠯ ᠤᠨ ᠲᠤᠬᠲᠠᠴᠠ ᠶᠢ ᠪᠦᠷᠢᠨᠰᠢᠭᠦᠯᠦᠨ᠎ᠠ ᠭᠡᠵᠦ ᠳᠤᠷᠠᠳᠪᠠ᠃ | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠰᠢᠨᠬᠤᠸᠠ ᠮᠣᠩᠭᠤᠯ ᠰᠦᠯᠵᠢᠶ᠎ᠡ | | |