ᠨᠢᠭᠡᠳᠦᠭᠡᠷ ᠤᠯᠠᠷᠢᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠴᠦᠮ 5 ᠲᠦᠮᠡᠨ ᠳ᠋ᠦᠩᠰᠢᠭᠤᠷ ᠳᠦᠬᠦᠷᠢᠭ ᠢ ᠲᠠᠪᠠᠪᠠ
ᠨᠡᠶᠢᠲᠡᠯᠡᠭᠰᠡᠨ ᠴᠠᠭ᠄
2019-11-01
    ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 4 ᠰᠠᠷ᠎ᠠ ᠶᠢᠨ 18 ᠤ ᠡᠳᠤᠷ ᠤᠨ ᠮᠡᠳᠡᠭᠡ ︵ᠰᠤᠷᠪᠤᠯᠵᠢᠯᠠᠭᠴᠢ ᠯᠢ ᠯᠢ ᠬᠤᠢ︶ 4 ᠰᠠᠷ᠎ᠠ ᠶᠢᠨ 18 ᠤ ᠡᠳᠤᠷ᠂ ᠡᠳ᠋ ᠤᠨ ᠵᠠᠰᠠᠭ ᠤᠨ ᠶᠠᠮᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠪᠦᠬᠦ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃ 1 — 3 ᠰᠠᠷ᠎ᠠ ᠳᠤ᠂ ᠪᠦᠬᠦ ᠤᠯᠤᠰ ᠤᠨ ᠡᠩ ᠤᠨ ᠴᠢᠨᠠᠷᠲᠠᠢ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 50546 ᠳ᠋ᠦᠩᠰᠢᠭᠤᠷ ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6037 ᠳ᠋ᠦᠩᠰᠢᠭᠤᠷ ᠲᠦᠬᠦᠷᠢᠭ ᠨᠡᠮᠡᠭᠳᠡᠨ᠂ 13.6% ᠪᠠᠷ ᠨᠡᠮᠡᠭᠳᠡᠵᠠᠢ︔ 1 — 3 ᠰᠠᠷ᠎ᠠ ᠳᠤ᠂ ᠪᠦᠬᠦ ᠤᠯᠤᠰ ᠤᠨ ᠡᠩ ᠤᠨ ᠴᠢᠨᠠᠷᠲᠠᠢ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 5 ᠲᠦᠮᠡᠨ ᠳ᠋ᠦᠩᠰᠢᠭᠤᠷ ᠲᠦᠬᠦᠷᠢᠭ ᠢ ᠲᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠵᠠᠢ᠃     ᠡᠳ᠋ ᠤᠨ ᠵᠠᠰᠠᠭ ᠤᠨ ᠤᠷᠤᠯᠭ᠎ᠠ ᠶᠢᠨ ᠲᠠᠯ᠎ᠠ ᠪᠠᠷ᠂ ᠭᠠᠶᠢᠯᠢ ᠶᠢᠨ ᠤᠷᠤᠯᠭ᠎ᠠ 44332 ᠳ᠋ᠦᠩᠰᠢᠭᠤᠷ ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ 6214 ᠳ᠋ᠦᠩᠰᠢᠭᠤᠷ ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠭᠰᠠᠨ ᠪᠠᠶᠢᠨ᠎ᠠ᠃ ᠭᠠᠶᠢᠯᠢ ᠶᠢᠨ ᠤᠷᠤᠯᠭ᠎ᠠ ᠨᠡᠯᠢᠶᠡᠳ ᠲᠦᠷᠭᠡᠨ ᠨᠡᠮᠡᠭᠳᠡᠵᠤ᠂ ᠰᠠᠶᠢᠨ ᠡᠬᠢᠯᠡᠯᠲᠡ ᠲᠠᠢ ᠪᠤᠯᠪᠠ᠃     ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ᠂ ᠦᠷᠬᠦᠯᠵᠢᠯᠡᠨ ᠨᠡᠯᠢᠶᠡᠳ ᠲᠦᠷᠭᠡᠨ ᠨᠡᠮᠡᠭᠳᠡᠵᠤ᠂ ᠵᠠᠷᠤᠯᠭ᠎ᠠ  ᠶᠢᠨ ᠠᠬᠢᠴᠠ ᠶᠡᠷᠦᠩᠭᠡᠢ ᠳᠡᠭᠡᠨ ᠲᠦᠷᠭᠡᠳᠤᠨ᠂ ᠭᠤᠤᠯᠳᠠᠯᠭ᠎ᠠ ᠲᠠᠢ ᠬᠦᠷᠢᠶᠡᠨ ᠳᠠᠬᠢ ᠲᠡᠮᠵᠢᠯᠭᠡ ᠶᠢᠨ ᠡᠷᠴᠢᠮ ᠤᠯᠠᠮ ᠨᠢᠭᠡ ᠠᠯᠬᠤᠮ ᠴᠢᠩᠭᠠᠷᠠᠵᠤ᠂ ᠠᠵᠤ ᠠᠬᠤᠢ ᠨᠡᠶᠢᠭᠡᠮ ᠤᠨ ᠲᠤᠭᠲᠠᠭᠤᠨ ᠪᠦᠭᠡᠳ ᠡᠷᠡᠬᠦᠯ ᠬᠦᠭᠵᠢᠯᠲᠡ ᠶᠢ ᠬᠦᠴᠦᠲᠠᠢ ᠠᠬᠢᠭᠤᠯᠪᠠ᠃                              ᠪᠡᠯᠡᠳᠭᠡᠭᠰᠡᠨ ᠨᠢ᠄ ᠼᠦᠢ ᠶᠢᠩ                              ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3