ᠹᠧᠩᠵᠧᠨ ᠬᠤᠲᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ ᠰᠣᠶᠣᠯ ᠤᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠴᠡᠪᠡᠷᠰᠢᠭᠦᠯᠪᠡ
ᠨᠡᠶᠢᠲᠡᠯᠡᠭᠰᠡᠨ ᠴᠠᠭ᠄
2019-11-08
      2019 ᠣᠨ ᠳᠤ᠂ ᠹᠧᠩᠵᠧᠨ ᠬᠤᠲᠠ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠭᠦᠨᠵᠡᠭᠡᠶᠢᠷᠡᠭᠦᠯᠬᠦ ᠪᠠ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠪᠠᠷ ᠠᠵᠢᠯ ᠤᠨ ᠭᠤᠤᠯᠳᠠᠯᠭ᠎ᠠ ᠪᠣᠯᠭᠠᠵᠤ᠂ ᠰᠡᠳᠬᠢᠴᠡ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠲᠣᠭᠲᠠᠭᠠᠵᠤ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠠᠶᠢᠨ ᠦᠷ᠎ᠡ ᠪᠦᠲᠦᠮᠵᠢ ᠤᠯᠤᠭᠰᠠᠨ ᠮᠦᠷᠳᠡᠭᠡᠨ ᠪᠦᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠲᠤ ᠡᠷᠡᠭᠦᠯ᠂ ᠴᠡᠴᠡᠭᠯᠡᠨ ᠬᠦᠭᠵᠢᠭᠰᠡᠨ ᠪᠠᠶᠢᠳᠠᠯ ᠢᠯᠡᠷᠡᠪᠡ᠃      ᠨᠢᠭᠡ ᠳᠤ᠂ ᠰᠦᠯᠵᠢᠶᠡᠨ ᠤ ᠪᠠᠭᠠᠷ ᠪᠠ ᠵᠤᠭ᠎ᠠ ᠴᠡᠩᠭᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠬᠠᠶ ᠠᠵᠢᠯᠯᠠᠭ᠎ᠠ ᠪᠠ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠭᠤᠤᠯᠳᠠᠯᠭ᠎ᠠ ᠲᠠᠢ ᠴᠠᠭ ᠪᠠ ᠭᠤᠤᠯᠳᠠᠯᠭ᠎ᠠ ᠲᠠᠢ ᠣᠷᠣᠨ ᠪᠦᠰᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠤᠷ ᠰᠦᠯᠵᠢᠶᠡᠨ ᠤ ᠪᠠᠭᠠᠷ ᠪᠠ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠮᠢᠶᠠᠷᠤᠯᠳᠠ ᠢᠮᠠᠭᠲᠠ ᠴᠢᠩᠭ᠎ᠠ ᠪᠠᠶᠢᠳᠠᠭ᠃ ᠣᠳᠣᠬᠠᠨ ᠳᠤ ᠪᠥᠬᠦ ᠬᠤᠲᠠ ᠶᠢᠨ ᠰᠦᠯᠵᠢᠶᠡᠨ ᠤ ᠪᠠᠭᠠᠷ ᠲᠤ ᠴᠥᠮ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠰᠦᠯᠵᠢᠶᠡᠨ ᠤ ᠴᠡᠪᠡᠷ ᠬᠠᠮᠢᠶᠠᠷᠤᠯᠲᠠ ᠶᠢᠨ ᠬᠤᠰᠢᠭᠤᠴᠢ ᠰᠢᠰᠲ᠋ᠧᠮ ᠢ ᠤᠭᠰᠠᠷᠠᠵᠤ᠂ ᠤᠭᠰᠠᠷᠠᠬᠤ ᠨᠣᠷᠮ᠎ᠠ᠂ ᠰᠦᠯᠵᠢᠶᠡᠨ ᠳᠡᠭᠡᠷᠡᠬᠢ ᠨᠣᠷᠮ᠎ᠠ ᠴᠥᠮ 100 % ᠬᠦᠷᠴᠦ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠪᠠᠲᠤᠯᠠᠪᠠ᠃      ᠬᠤᠶᠠᠷ ᠲᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠲᠤᠰᠬᠠᠶ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠪᠦᠬᠦ ᠬᠤᠲᠠ ᠶᠢᠨ ᠬᠡᠪᠴᠢᠶᠡᠨ ᠳᠤ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠶᠢ ᠥᠷᠨᠢᠭᠦᠯᠪᠡ᠃ ᠬᠡᠪᠯᠡᠭᠳᠡᠬᠦᠨ ᠤ ᠵᠠᠬ᠎ᠠ ᠳᠡᠯᠭᠡᠭᠦᠷ᠂ ᠬᠡᠪᠯᠡᠬᠦ ᠵᠠᠬ᠎ᠠ ᠳᠡᠯᠭᠡᠭᠦᠷ᠂ ᠳᠡᠯᠭᠡᠴᠡ ᠶᠢᠨ ᠲᠠᠪᠴᠠᠩ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠶ᠃ ᠠᠵᠢᠯᠯᠠᠭ᠎ᠠ ᠶᠢᠨ ᠬᠤᠭᠤᠴᠠᠭᠠᠨ ᠳᠤ᠂ ᠬᠡᠪᠯᠡᠯ ᠬᠤᠯᠠᠭᠠᠶᠢᠯᠠᠭᠰᠠᠨ ᠨᠣᠮ᠂ ᠭᠡᠷᠡᠯᠯᠢᠭ ᠳ᠋ᠢᠰᠺ 2000 ᠭᠠᠷᠤᠶ ᠳᠡᠪᠲᠡᠷ ︵ᠳ᠋ᠢᠰᠺ︶ ᠢ ᠬᠤᠷᠢᠶᠠᠨ ᠠᠪᠴᠠᠶ᠃     ᠭᠤᠷᠪᠠ ᠳᠤ᠂ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠬᠤ ᠵᠢᠴᠢ ᠬᠠᠤᠯᠢ ᠪᠤᠰᠤ ᠬᠡᠪᠯᠡᠭᠳᠡᠬᠦᠨ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠶᠢ ᠥᠷᠨᠢᠭᠦᠯᠦᠨ᠎ᠡ᠃ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠵᠢᠴᠢ ᠨᠣᠮ ᠪᠢᠴᠢᠭ᠂ ᠰᠣᠨᠢᠨ ᠰᠡᠳᠬᠦᠯ᠂ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ᠂ ᠭᠡᠷᠡᠯᠯᠢᠭ ᠳ᠋ᠢᠰᠺ ᠵᠡᠷᠭᠡ ᠶᠢ ᠪᠠᠭᠲᠠᠭᠠᠭᠰᠠᠨ ᠬᠠᠤᠯᠢ ᠪᠤᠰᠤ ᠬᠡᠪᠯᠡᠭᠳᠡᠬᠦᠨ ᠢ ᠨᠡᠶᠢᠲᠡ 3000 ᠭᠠᠷᠤᠶ ᠵᠦᠢᠯ ᠢ ᠲᠥᠪᠯᠡᠷᠡᠭᠦᠯᠦᠨ ᠤᠰᠠᠳᠬᠠᠪᠠ᠃     ᠳᠥᠷᠪᠡ ᠳᠤ᠂ ᠰᠣᠶᠣᠯ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠬᠦᠴᠦᠲᠡᠶ ᠪᠠᠶᠢᠨ᠎ᠠ᠃ ᠵᠢᠷᠤᠮᠵᠢᠭᠰᠠᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠤᠷᠢᠳ ᠬᠤᠵᠢᠳ ᠪᠦᠬᠦ ᠬᠤᠲᠠ ᠶᠢᠨ ᠰᠦᠯᠵᠢᠶᠡᠨ ᠤ ᠪᠠᠭᠠᠷ᠂ ᠵᠤᠭ᠎ᠠ ᠴᠡᠩᠭᠡᠯ ᠤᠨ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠣᠶᠣᠯ ᠤᠨ ᠡᠵᠡᠩᠨᠡᠯᠲᠡ ᠶᠢᠨ ᠳᠦᠷᠢᠮᠵᠢᠭᠦᠨ ᠡᠵᠡᠩᠨᠡᠯᠲᠡ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢᠨ ᠠᠮᠤᠷ ᠲᠦᠪᠰᠢᠨ ᠤ ᠤᠬᠠᠮᠰᠠᠷ ᠢ ᠭᠤᠣᠯᠳᠠᠯᠭ᠎ᠠ ᠲᠠᠢ ᠪᠣᠯᠪᠠᠰᠤᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠬᠤ ᠶᠢ ᠰᠡᠷᠭᠡᠶᠢᠯᠡᠪᠡ᠃                      ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3