ᠹᠧᠩᠵᠧᠨ ᠬᠤᠲᠠ ᠴᠡᠴᠡᠷᠯᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠶᠢ ᠴᠢᠩᠭᠠᠳᠬᠠᠵᠤ ᠪᠣᠬᠢᠷᠲᠤᠯ ᠦᠭᠡᠢ ᠭᠡᠷ ᠣᠷᠣᠨ ᠢ ᠪᠣᠶ ᠪᠣᠯᠭᠠᠪᠠ
ᠨᠡᠶᠢᠲᠡᠯᠡᠭᠰᠡᠨ ᠴᠠᠭ᠄
2019-11-08
      ᠡᠨᠡ ᠵᠢᠯ ᠠᠴᠠ ᠨᠠᠰᠢ᠂ ᠹᠧᠩᠵᠧᠨ ᠬᠤᠲᠠ ᠨᠣᠭᠤᠭᠠᠷᠠᠭᠤᠯᠤᠯᠲᠠ ᠶᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠡᠳᠦᠷ ᠲᠣᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠪᠠᠨ ᠰᠤᠯᠠᠷᠠᠭᠤᠯᠤᠯ ᠦᠭᠡᠢ᠂ ᠠᠰᠠᠭᠤᠳᠠᠯ ᠢ ᠪᠠᠶᠢᠴᠠᠭᠠᠵᠤ ᠲᠤᠳᠠᠬᠳᠠᠯ ᠢᠶᠠᠨ ᠨᠥᠬᠦᠪᠥᠷᠢᠯᠡᠵᠦ᠂ ᠲᠤᠷᠤᠢ ᠲᠠᠯ᠎ᠠ ᠪᠠᠨ ᠴᠢᠩᠭᠠᠷᠠᠭᠤᠯᠤᠨ  ᠲᠡᠭᠡᠭᠰᠢᠯᠡᠭᠦᠯᠬᠦ ᠪᠠᠨ ᠠᠬᠢᠭᠤᠯᠵᠦ᠂ ᠬᠤᠲᠠ ᠶᠢᠨ ᠨᠣᠭᠤᠭᠠᠷᠠᠭᠤᠯᠤᠯᠲᠠ ᠶᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠨᠢᠭᠡ ᠳᠤ᠂ ᠲᠦᠷᠭᠡᠨ ᠬᠤᠷᠳᠤᠴᠠᠳᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ᠂ ᠰᠢᠨ᠎ᠡ ᠲᠣᠭᠤᠷᠢᠭ ᠤᠨ ᠶᠢᠩ ᠪᠢᠨ ᠶᠡᠭᠡ ᠵᠡᠭᠡᠯᠢ᠂ ᠸᠧᠶ ᠯᠢᠦ ᠵᠠᠮ ᠵᠡᠷᠭᠡ 24 ᠵᠤᠷᠪᠤᠰ ᠵᠠᠮ ᠵᠢᠴᠢ ᠠᠷᠠᠳ ᠤᠨ ᠴᠡᠴᠡᠷᠯᠢᠭ᠂ ᠪᠧᠢ ᠱᠠᠨ ᠴᠡᠴᠡᠷᠯᠢᠭ᠂ ᠪᠢᠨ ᠾᠧ ᠴᠡᠴᠡᠷᠯᠢᠭ᠂ ᠰᠢᠤᠸᠠᠢ ᠭᠠᠩ ᠱᠠᠨ ᠴᠡᠴᠡᠷᠯᠢᠭ ᠵᠡᠷᠭᠡ 5 ᠴᠡᠴᠡᠷᠯᠢᠭ ᠢ ᠨᠣᠭᠤᠭᠠᠷᠠᠭᠤᠯᠤᠨ ᠠᠷᠠᠴᠢᠯᠠᠨ ᠬᠠᠮᠠᠭᠠᠯᠠᠵᠤ᠂ ᠨᠡᠶᠢᠲᠡ 174.57 ᠲᠦᠮᠡᠨ ᠲᠡᠭᠰᠢ ᠳᠥᠷᠪᠡᠯᠵᠢᠨ ᠮᠧᠲᠷ᠂ ᠡᠭᠦᠨ ᠳᠤ᠄ ᠵᠠᠮ ᠤᠨ ᠨᠣᠭᠤᠭᠠᠨ ᠵᠦᠯᠭᠡ 105.6 ᠲᠦᠮᠡᠨ ᠲᠡᠭᠰᠢ ᠳᠥᠷᠪᠡᠯᠵᠢᠨ ᠮᠧᠲᠷ᠂ ᠴᠡᠴᠡᠷᠯᠢᠭ ᠤᠨ ᠨᠣᠭᠤᠭᠠᠨ ᠵᠦᠯᠭᠡ 68.96 ᠲᠦᠮᠡᠨ ᠲᠡᠭᠰᠢ ᠳᠥᠷᠪᠡᠯᠵᠢᠨ ᠮᠧᠲᠷ᠂ ᠵᠠᠮ ᠤᠨ ᠮᠣᠳᠣ 5475 ᠰᠠᠭᠤᠷᠢ᠂ ᠴᠡᠴᠡᠭ ᠤᠨ ᠮᠠᠨᠳᠠᠯ 8 ᠰᠠᠭᠤᠷᠢ ᠂ ᠴᠡᠴᠡᠭ ᠤᠨ ᠮᠠᠨᠳᠠᠯ ᠤᠨ ᠲᠠᠯᠠᠪᠠᠢ 0.68 ᠲᠦᠮᠡᠨ ᠲᠡᠭᠰᠢ ᠳᠥᠷᠪᠡᠯᠵᠢᠨ ᠮᠧᠲᠷ ᠪᠠᠭᠳᠠᠨ᠎ᠠ᠃ ᠡᠨᠡ ᠵᠢᠯ 18.82 ᠾᠧᠺᠲ᠋ᠠᠷ ᠨᠣᠭᠤᠭᠠᠨ ᠬᠥᠷᠥᠰᠥ ᠰᠢᠨ᠎ᠡ ᠪᠠᠷ ᠨᠡᠮᠡᠭᠳᠡᠪᠡ᠃      ᠬᠤᠶᠠᠷ ᠲᠤ᠂ ᠹᠧᠩᠵᠧᠨ ᠬᠤᠲᠠ ᠨᠣᠭᠤᠭᠠᠨ ᠬᠥᠷᠥᠰᠥ ᠶᠢ ᠬᠡᠮᠵᠢᠨ ᠵᠢᠷᠤᠬᠤ ᠠᠵᠢᠯ ᠪᠠ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠠᠭᠤᠷᠢ ᠲᠤᠭ᠎ᠠ ᠪᠠᠷᠢᠮᠲᠠ᠂ ᠴᠡᠴᠡᠷᠯᠢᠭ ᠤᠨ ᠦᠨᠳᠦᠰᠦᠨ ᠪᠠᠶᠢᠳᠠᠯ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠪᠡ᠃ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠮᠠᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠬᠤᠲᠠ ᠶᠢᠨ ᠲᠣᠭᠤᠷᠢᠭ ᠤᠨ ︽ᠪᠣᠬᠢᠷᠲᠤᠯ ᠥᠬᠡᠶ ᠭᠡᠷ ᠬᠥᠷᠥᠩᠭᠡ︾ ᠶᠢ ᠠᠷᠢᠯᠭᠠᠵᠤ᠂ ᠬᠤᠶᠢᠰᠢᠳᠠ ᠶᠢᠨ ᠹᠧᠩᠵᠧᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠳᠤ ᠦᠨᠳᠦᠰᠦᠯᠡᠯ ᠬᠠᠩᠭᠠᠪᠠ᠃     ᠭᠤᠷᠪᠠ ᠳᠤ᠂ ︽ᠰᠣᠶᠣᠯ ᠤᠨ ᠠᠭᠤᠳᠠᠮ ᠲᠠᠯᠠᠪᠠᠢ︾ ᠪᠠ ︽ᠴᠡᠴᠡᠷᠯᠢᠭ ᠮᠠᠶ᠋ᠢᠭ ᠤᠨ ᠰᠠᠭᠤᠭᠠᠯᠢ ᠲᠣᠭᠤᠷᠢᠭ︾ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠹᠧᠩᠵᠧᠨ ᠬᠤᠲᠠ ᠶᠢᠨ ᠠᠷᠠᠳ ᠤᠨ ᠴᠡᠴᠡᠷᠯᠢᠭ ᠨᠢ ᠨᠢᠭᠡᠨᠲᠡ ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠣᠨᠴᠠᠯᠢᠭᠲᠤ ᠰᠣᠶᠣᠯ ᠤᠨ ᠠᠭᠤᠳᠠᠮ ᠲᠠᠯᠠᠪᠠᠢ ᠳᠤ ᠮᠡᠳᠡᠭᠦᠯᠵᠦ᠂ ᠧᠦ᠋ᠷᠣᠫᠠ ᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠨᠢᠭᠡᠨᠲᠡ 2019 ᠤᠨ ᠤ ᠤᠯᠠᠭᠠᠨᠴᠠᠪ ᠬᠤᠲᠠ ᠶᠢᠨ ᠴᠡᠴᠡᠷᠯᠢᠭ ᠮᠠᠶ᠋ᠢᠭ ᠤᠨ ᠵᠢᠵᠢᠭ ᠲᠣᠭᠤᠷᠢᠭ ᠲᠤ ᠮᠡᠳᠡᠭᠦᠯᠪᠡ᠃                      ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3