ᠪᠠᠰᠠ ᠬᠤᠨᠢ ᠢᠮᠠᠭᠠᠨ ᠤ ᠠᠮᠠᠷᠠᠤ ᠭᠡᠳᠡᠭ᠃ ᠬᠠᠯᠳᠠᠪᠤᠷᠢᠲᠤ ᠴᠢᠨᠠᠷᠲᠠᠢ ᠢᠳᠡᠭᠡᠲᠦ ᠴᠥᠪᠥᠷᠢᠭᠦᠦ ᠶᠢᠨ | ᠸᠢᠷᠦ᠋ᠰ ᠠᠴᠠ ᠡᠭᠦᠰᠴᠦ᠂ ᠬᠤᠷᠠᠭ᠎ᠠ ᠢᠰᠢᠭᠡᠨ ᠳᠤ ᠣᠯᠠᠨ ᠡᠭᠦᠰᠳᠡᠭ᠃ ᠠᠮᠠᠨ ᠬᠥᠨᠳᠡᠢ᠂ ᠤᠷᠤᠭᠤᠯ ᠤᠨ | ᠬᠡᠰᠡᠭ ᠤᠨ ᠠᠷᠠᠰᠤ ᠪᠠ ᠰᠠᠯᠢᠰᠤᠲᠤ ᠪᠦᠷᠬᠦᠪᠴᠢ ᠳᠤ ᠡᠰᠡᠷᠭᠡᠨ᠎ᠡ ᠡᠭᠦᠰᠴᠦ᠂ ᠢᠳᠡᠭᠡᠲᠦ ᠴᠥᠪᠥᠷᠢᠭᠦᠦ᠂ | ᠰᠢᠷᠬᠠᠯᠠᠭ᠎ᠠ ᠡᠭᠦᠰᠴᠦ᠂ ᠳᠠᠪᠠᠭᠠᠰᠤᠷᠠᠨᠠ᠃ ᠤᠷᠤᠭᠤᠯ ᠤᠨ ᠬᠡᠯᠪᠡᠷᠢ᠂ ᠲᠤᠭᠤᠷᠠᠢ ᠶᠢᠨ ᠬᠡᠯᠪᠡᠷᠢ ᠪᠠ ᠭᠠᠳᠠᠷ | ᠪᠡᠯᠭᠡ ᠶᠢᠨ ᠬᠡᠯᠪᠡᠷᠢ ᠭᠡᠵᠦ 3 ᠵᠦᠢᠯ ᠬᠤᠪᠢᠶᠠᠨ᠎ᠠ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠄ ᠡᠩ ᠲᠡᠷᠢᠭᠦᠨ ᠳᠤ | ᠡᠪᠡᠳᠴᠢᠲᠡᠢ ᠬᠤᠨᠢ ᠶᠢ ᠲᠤᠰᠠᠭᠠᠷᠯᠠᠵᠤ᠂ ᠬᠠᠰᠢᠶ᠎ᠠ ᠰᠠᠷᠠᠪᠴᠢ ᠶᠢ ᠠᠷᠢᠭᠤᠳᠬᠠᠬᠤ ᠠᠵᠢᠯ ᠢ ᠰᠠᠶᠢᠲᠤᠷ ᠬᠢᠨ᠎ᠡ᠃ | ᠡᠮᠴᠢᠯᠡᠨ ᠵᠠᠰᠠᠬᠤ ᠳᠠᠭᠠᠨ ᠲᠡᠪ ᠢ ᠨᠢ ᠠᠪᠴᠤ ᠬᠠᠶᠠᠨ ᠢᠥᠳ᠋ᠲᠦ ᠭᠯᠢᠼᠧᠷᠢᠨ ᠲᠦᠷᠬᠢᠨ᠎ᠡ᠃ ᠠᠮᠠᠨ ᠬᠥᠨᠳᠡᠢ ᠶᠢᠨ | ᠰᠢᠷᠬᠠᠯᠠᠭ᠎ᠠ ᠪᠠᠶᠢᠪᠠᠯ᠂ 0.1% - 0.2% ᠤᠨ ᠳᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠪᠤᠶᠤ | ᠹᠢᠽᠢᠣᠯᠣᠭᠢ ᠶᠢᠨ ᠳᠠᠪᠤᠰᠤᠨ ᠠᠭᠤᠰᠤᠮᠠᠯ ᠢᠶᠠᠷ ᠰᠢᠷᠬᠠᠯᠠᠭ᠎ᠠ ᠶᠢ ᠤᠬᠢᠶᠠᠵᠤ᠂ ᠳᠡᠭᠡᠷ᠎ᠡ ᠨᠢ ᠪᠢᠩ ᠫᠧᠩ ᠰᠠᠨ ᠪᠤᠶᠤ | ᠴᠢᠩ ᠳ᠋ᠠᠢ ᠰᠠᠨ ᠲᠦᠷᠬᠢᠨ᠎ᠡ᠃ ᠡᠳᠦᠷ ᠪᠦᠷᠢ 2 ᠤᠳᠠᠭ᠎ᠠ᠂ ᠵᠠᠯᠭᠠᠭᠠᠳ ᠨᠢᠭᠡ ᠭᠠᠷᠠᠭ ᠬᠡᠷᠡᠭᠯᠡᠨ᠎ᠡ᠃ ᠪᠠᠭᠠᠯᠵᠤᠤᠷ | ᠦᠷᠪᠢᠰᠦᠯ ᠪᠠ ᠠᠭᠤᠰᠬᠢᠨ ᠦᠷᠪᠢᠰᠦᠯ ᠡᠭᠦᠰᠪᠡᠯ ᠴᠢᠩ ᠮᠧᠢ ᠰᠤ᠋ 40 ᠲᠦᠮᠡᠨ - 100 ᠲᠦᠮᠡᠨ ᠳᠡᠯᠡᠬᠡᠢ | ᠨᠡᠶᠢᠲᠡ ᠤ ᠨᠢᠭᠡᠴᠢ ᠶᠢ ᠪᠣᠯᠴᠢᠩ ᠳᠤ ᠲᠠᠷᠢᠨ ᠡᠮᠨᠡᠨ ᠵᠠᠰᠠᠨ᠎ᠠ᠃ ᠪᠠᠰᠠ ᠭᠤᠷᠪᠠᠨ ᠰᠢᠷ᠎ᠠ ᠲᠠᠯᠬ᠎ᠠ ᠪᠠ ᠰᠢᠷ᠎ᠠ ᠲᠠᠩ ᠢ | ᠪᠣᠷᠳᠤᠭ᠎ᠠ ᠳᠤᠨᠢ ᠬᠤᠯᠢᠵᠤ ᠲᠡᠵᠢᠭᠡᠨ᠂ ᠬᠠᠪᠰᠤᠷᠭᠠᠨ ᠵᠠᠰᠠᠵᠤ ᠪᠣᠯᠣᠨ᠎ᠠ᠂ ᠡᠮ ᠬᠡᠷᠡᠭᠯᠡᠬᠦ ᠬᠡᠮᠵᠢᠶ᠎ᠡ ᠨᠢ ᠬᠤᠨᠢ ᠪᠦᠷᠢ | 20 - 50g᠂ ᠵᠠᠯᠭᠠᠭᠠᠳ 3 - 5 ᠡᠳᠦᠷ ᠬᠡᠷᠡᠭᠯᠡᠪᠡᠯ ᠪᠣᠯᠴᠢᠬᠠᠨ᠎ᠠ᠃ | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ | |