1. ᠰᠠᠯᠬᠢ ᠴᠠᠰᠤ ᠶᠢ ᠰᠡᠷᠭᠡᠶᠢᠯᠡᠬᠦ᠄ ᠰᠦᠯᠢᠶᠥᠦ ᠫᠧᠩ ᠤᠨ ᠨᠢᠮᠭᠡᠨ ᠪᠦᠷᠬᠦᠭᠦᠯ ᠢ ᠰᠠᠶᠢᠲᠤᠷ ᠪᠦᠲᠡᠭᠡᠵᠦ᠂ | ᠶᠡᠭᠡ ᠰᠠᠯᠬᠢᠨ ᠳᠤ ᠬᠡᠶᠢᠰᠴᠦ ᠤᠨᠠᠭᠠᠳ ᠳᠤᠯᠠᠭᠠᠨ ᠢ ᠨᠢᠭᠡᠯᠡ ᠳᠣᠣᠷ᠎ᠠ ᠪᠠᠭᠤᠷᠠᠭᠤᠯᠵᠤ᠂ ᠲᠡᠵᠢᠭᠡᠵᠦ ᠪᠠᠶᠢᠭ᠎ᠠ ᠮᠠᠯ | ᠵᠢᠭᠦᠷᠲᠡᠨ ᠢ ᠭᠡᠮᠲᠦᠭᠡᠬᠦ ᠠᠴᠠ ᠰᠡᠷᠭᠡᠶᠢᠯᠡᠨ᠎ᠡ᠃ ᠴᠠᠰᠤ ᠲᠠᠢ ᠡᠳᠦᠷ ᠪᠣᠯᠪᠠᠯ ᠰᠦᠯᠢᠶᠥᠦ ᠪᠦᠷᠬᠦᠭᠦᠯ ᠳᠡᠭᠡᠷᠡᠬᠢ | ᠴᠠᠰᠤ ᠶᠢ ᠴᠠᠭ ᠳᠠᠷᠤᠢ ᠳᠤᠨᠢ ᠱᠦᠭᠦᠷᠳᠡᠵᠦ ᠠᠷᠢᠯᠭᠠᠨ᠎ᠠ᠃ | 2. ᠬᠦᠢᠲᠡᠨ ᠢ ᠰᠡᠷᠭᠡᠶᠢᠯᠡᠬᠦ᠄ ᠰᠦᠯᠢᠶᠥᠦ ᠫᠧᠩ ᠳᠤ ᠮᠠᠯ ᠵᠢᠭᠦᠷᠲᠡᠨ ᠲᠡᠵᠢᠭᠡᠬᠦ ᠳᠡᠭᠡᠨ ᠣᠨᠴᠠᠭᠠᠢ | ᠬᠦᠢᠲᠡᠷᠡᠭᠰᠡᠨ ᠦᠶ᠎ᠡ ᠳᠤ ᠰᠦᠯᠢᠶᠥᠦ ᠫᠧᠩ ᠤᠨ ᠳᠡᠭᠡᠷ᠎ᠡ ᠨᠢ ᠵᠤᠵᠠᠭᠠᠨ ᠴᠠᠭᠠᠰᠤ ᠪᠤᠶᠤ ᠡᠪᠡᠰᠦᠨ ᠪᠦᠲᠡᠭᠡᠯᠭᠡ ᠪᠠᠷ | ᠳᠠᠪᠬᠤᠷ ᠪᠦᠲᠡᠭᠡᠵᠦ ᠳᠤᠯᠠᠭᠠᠨ ᠢ ᠬᠠᠮᠠᠭᠠᠯᠠᠨ᠎ᠠ᠃ | 3. ᠵᠣᠬᠢᠰᠲᠠᠢ ᠦᠶ᠎ᠡ ᠳᠤ ᠰᠠᠯᠬᠢ ᠨᠡᠪᠲᠡᠷᠡᠭᠦᠯᠵᠦ ᠠᠭᠠᠷ ᠰᠣᠯᠢᠬᠤ᠄ ᠰᠦᠯᠢᠶᠥᠦ ᠫᠧᠩ ᠳᠤ ᠰᠠᠯᠬᠢ | ᠨᠡᠪᠲᠡᠷᠡᠭᠦᠯᠵᠦ ᠠᠭᠠᠷ ᠰᠣᠯᠢᠬᠤ ᠳᠠᠭᠠᠨ ᠨᠠᠷᠠ ᠲᠠᠢ ᠰᠠᠯᠬᠢᠨ ᠦᠭᠡᠢ ᠡᠳᠦᠷ ᠤᠨ ᠦᠳᠡ ᠶᠢᠨ ᠴᠠᠭ ᠢᠶᠠᠷ ᠡᠭᠦᠳᠡ | ᠴᠣᠩᠬᠤ ᠶᠢ ᠨᠡᠭᠡᠭᠡᠵᠦ᠂ ᠤᠳᠠᠭ᠎ᠠ ᠪᠦᠷᠢ ᠬᠠᠭᠠᠰ ᠴᠠᠭ ᠠᠴᠠ ᠨᠢᠭᠡ ᠴᠠᠭ ᠰᠠᠯᠬᠢ ᠨᠡᠪᠲᠡᠷᠡᠭᠦᠯᠪᠡᠯ ᠰᠠᠶᠢᠨ᠃ ᠬᠡᠷᠪᠡ | ᠰᠦᠯᠢᠶᠥᠦ ᠫᠧᠩ ᠳᠤ ᠲᠡᠵᠢᠭᠡᠵᠦ ᠪᠠᠶᠢᠭ᠎ᠠ ᠮᠠᠯ ᠪᠤᠶᠤ ᠵᠢᠭᠦᠷᠲᠡᠨ ᠤ ᠨᠢᠭᠲᠠᠴᠠ ᠨᠡᠯᠢᠶᠡᠳ ᠶᠡᠭᠡ ᠪᠤᠶᠤ ᠡᠰᠡᠬᠦᠯ᠎ᠡ | ᠮᠠᠯ ᠵᠢᠭᠦᠷᠲᠡᠨ ᠤ ᠬᠦᠢᠲᠡᠨ ᠢ ᠳᠠᠭᠠᠭᠠᠬᠤ ᠴᠢᠳᠠᠪᠤᠷᠢ ᠨᠢ ᠨᠡᠯᠢᠶᠡᠳ ᠳᠣᠣᠷ᠎ᠠ ᠪᠣᠯ ᠰᠠᠯᠬᠢ ᠨᠡᠪᠲᠡᠷᠡᠭᠦᠯᠵᠦ ᠠᠭᠠᠷ | ᠰᠣᠯᠢᠬᠤ ᠤᠳᠠᠭ᠎ᠠ ᠪᠠ ᠤᠳᠠᠭ᠎ᠠ ᠪᠦᠷᠢ ᠶᠢᠨ ᠰᠠᠯᠬᠢ ᠨᠡᠪᠲᠡᠷᠡᠭᠦᠯᠬᠦ ᠴᠠᠭ ᠢ ᠵᠣᠬᠢᠰᠲᠠᠢ ᠨᠡᠮᠡᠬᠦ ᠪᠤᠶᠤ ᠬᠠᠰᠤᠵᠤ | ᠪᠣᠯᠣᠨ᠎ᠠ᠃ ᠰᠠᠯᠬᠢ ᠨᠡᠪᠲᠡᠷᠡᠭᠦᠯᠵᠦ ᠠᠭᠠᠷ ᠰᠣᠯᠢᠬᠤ ᠨᠢ ᠰᠦᠯᠢᠶᠥᠦ ᠫᠧᠩ ᠳᠠᠬᠢ ᠬᠤᠣᠷᠲᠤ ᠬᠡᠢ ᠪᠡᠶᠡᠲᠦ ᠶᠢᠨ | ᠠᠭᠤᠯᠤᠭᠳᠠᠴᠠ ᠶᠢ ᠪᠠᠭᠤᠷᠠᠭᠤᠯᠤᠨ᠂ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠲᠣᠬᠢᠷᠠᠭᠤᠯᠬᠤ ᠳᠤ | ᠠᠰᠢᠭᠲᠠᠢ᠃ | 4. ᠰᠦᠯᠢᠶᠥᠦ ᠪᠦᠷᠬᠦᠭᠦᠯ ᠢ ᠲᠣᠭᠲᠠᠭᠰᠠᠨ ᠬᠤᠭᠤᠴᠠᠭ᠎ᠠ ᠳᠤ ᠴᠡᠪᠡᠷᠯᠡᠬᠦ᠄ ᠰᠦᠯᠢᠶᠥᠦ ᠪᠦᠷᠬᠦᠭᠦᠯ ᠳᠡᠭᠡᠷ᠎ᠡ | ᠬᠥᠯᠳᠡᠭᠰᠡᠨ ᠮᠥᠰᠥ ᠪᠤᠶᠤ ᠬᠢᠷᠠᠭᠤ ᠶᠢ ᠴᠠᠭ ᠳᠠᠷᠤᠢ ᠳᠤᠨᠢ ᠠᠷᠢᠯᠭᠠᠵᠤ᠂ ᠰᠦᠯᠢᠶᠥᠦ ᠪᠦᠷᠬᠦᠭᠦᠯ ᠤᠨ ᠭᠡᠷᠡᠯ ᠤᠨ | ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠡᠩ ᠤᠨ ᠪᠠᠶᠢᠳᠠᠯ ᠳᠣᠣᠷ᠎ᠠ ᠰᠦᠯᠢᠶᠥᠦ ᠪᠦᠷᠬᠦᠭᠦᠯ ᠢ 2 ᠵᠢᠯ ᠬᠡᠷᠡᠭᠯᠡᠵᠦ | ᠪᠣᠯᠳᠠᠭ᠃ ᠡᠶᠢᠮᠦ ᠠᠴᠠ ᠡᠯᠡᠭᠳᠡᠵᠦ ᠴᠣᠭᠤᠷᠠᠭᠰᠠᠨ ᠪᠠᠶᠢᠪᠠᠯ ᠲᠡᠷᠡ ᠳᠠᠷᠤᠢ ᠳᠤᠨᠢ ᠨᠥᠬᠦᠵᠦ ᠨᠠᠭᠠᠬᠤ ᠬᠡᠷᠡᠭᠲᠡᠢ᠃ | 5. ᠭᠡᠮ ᠬᠡᠵᠢᠭ ᠢ ᠰᠡᠷᠭᠡᠶᠢᠯᠡᠵᠦ ᠵᠠᠰᠠᠬᠤ᠄ ᠮᠠᠯ ᠵᠢᠭᠦᠷᠲᠡᠨ ᠢ ᠰᠦᠯᠢᠶᠥᠦ ᠫᠧᠩ ᠳᠤ ᠣᠷᠣᠭᠤᠯᠵᠤ | ᠲᠡᠵᠢᠭᠡᠬᠦ ᠠᠴᠠ ᠡᠮᠦᠨ᠎ᠡ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠡᠮᠲᠦ ᠤᠬᠢᠶᠠᠯᠭ᠎ᠠ ᠬᠢᠬᠦ᠂ ᠬᠤᠷᠣᠬᠠᠢ | ᠬᠥᠭᠡᠭᠡᠬᠦ᠂ ᠰᠡᠷᠭᠡᠶᠢᠯᠡᠯᠲᠡ ᠶᠢᠨ ᠲᠠᠷᠢᠯᠭ᠎ᠠ ᠲᠠᠷᠢᠬᠤ ᠵᠡᠷᠭᠡ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠰᠦᠯᠢᠶᠥᠦ | ᠫᠧᠩ ᠳᠤ ᠠᠷᠠᠴᠢᠯᠠᠨ ᠲᠡᠵᠢᠭᠡᠬᠦ ᠶᠠᠪᠤᠴᠠ ᠳᠤ ᠮᠠᠯ ᠵᠢᠭᠦᠷᠲᠡᠨ ᠢ ᠨᠠᠷᠢᠯᠢᠭ ᠠᠵᠢᠭᠯᠠᠵᠤ᠂ ᠭᠡᠮ ᠬᠡᠵᠢᠭ ᠢᠯᠡᠷᠡᠪᠡᠯ | ᠴᠠᠭ ᠲᠤᠬᠠᠢ ᠳᠤᠨᠢ ᠡᠮᠨᠡᠬᠦ ᠬᠡᠷᠡᠭᠲᠡᠢ᠃ | 6. ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠄ ᠠᠳᠠᠯᠢ ᠪᠤᠰᠤ ᠲᠥᠷᠥᠯ ᠤᠨ ᠮᠠᠯ ᠵᠢᠭᠦᠷᠲᠡᠨ ᠤ | ᠠᠷᠠᠴᠢᠯᠠᠭ᠎ᠠ ᠬᠠᠮᠢᠶᠠᠷᠤᠯᠲᠠ ᠠᠳᠠᠯᠢ ᠦᠭᠡᠢ ᠪᠠᠶᠢᠳᠠᠭ᠃ ᠰᠦᠯᠢᠶᠥᠦ ᠫᠧᠩ ᠳᠤ ᠣᠷᠣᠭᠤᠯᠬᠤ ᠠᠴᠠ ᠡᠮᠦᠨ᠎ᠡ | ᠰᠦᠷᠦᠭ ᠠᠴᠠ ᠨᠢ ᠰᠠᠯᠭᠠᠵᠤ᠂ ᠬᠥᠬᠡ ᠡᠪᠡᠰᠦ᠂ ᠳᠠᠷᠤᠰᠢᠭᠤᠯᠤᠭᠰᠠᠨ ᠪᠣᠷᠳᠤᠭ᠎ᠠ ᠵᠢᠴᠢ ᠡᠷᠦᠳᠡᠰᠦ ᠪᠣᠳᠠᠰ᠂ | ᠲᠡᠵᠢᠭᠡᠯ ᠤᠨ ᠨᠡᠮᠡᠯᠲᠡ ᠡᠳ᠋ ᠵᠡᠷᠭᠡ ᠶᠢ ᠪᠡᠯᠡᠳᠬᠡᠵᠦ ᠲᠠᠯᠪᠢᠬᠤ ᠬᠡᠷᠡᠭᠲᠡᠢ᠃ | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ | |