ᠦᠬᠡᠷ ᠲᠡᠵᠢᠭᠡᠬᠦ ᠤᠶᠤᠨᠯᠢᠭ ᠬᠦᠵᠦᠭᠦᠪᠴᠢ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019-12-13
       ᠵᠢᠩ ᠳ᠋ᠦᠩ ᠲᠤᠭᠠᠴᠢᠯᠠᠭᠰᠠᠨ ᠰᠢᠨᠵᠢᠯᠡᠭᠡ ᠮᠡᠷᠭᠡᠵᠢᠯ ᠤᠨ ᠪᠦᠯᠦᠭᠯᠡᠯ ᠨᠢ ᠦᠬᠡᠷ ᠲᠡᠵᠢᠭᠡᠬᠦ ᠤᠶᠤᠨᠯᠢᠭ ᠬᠦᠵᠦᠭᠦᠪᠴᠢ ᠶᠢ ᠰᠤᠳᠤᠯᠤᠨ ᠦᠢᠯᠡᠳᠦᠭᠰᠡᠨ ᠪᠠᠶᠢᠨ᠎ᠠ᠃ ᠡᠨᠡ ᠨᠢ ᠦᠬᠡᠷ ᠤᠨ ᠬᠦᠳᠡᠯᠭᠡᠭᠡᠨ ᠤ ᠪᠠᠶᠢᠳᠠᠯ ᠪᠠ ᠡᠪᠡᠳᠴᠢᠨ ᠤ ᠪᠠᠶᠢᠳᠠᠯ ᠵᠡᠷᠭᠡ ᠶᠢ ᠲᠡᠮᠳᠡᠭᠯᠡᠳᠡᠭ ᠴᠢᠳᠠᠪᠬᠢ ᠲᠠᠢ᠃ 11 ᠳ᠋ᠤᠭᠡᠷ ᠰᠠᠷ᠎ᠠ ᠶᠢᠨ 8 ᠤ ᠡᠳᠦᠷ᠂ ᠵᠢᠩ ᠳ᠋ᠦᠩ ᠲᠤᠭᠠᠴᠢᠯᠠᠭᠰᠠᠨ ᠰᠢᠨᠵᠢᠯᠡᠭᠡ ᠮᠡᠷᠭᠡᠵᠢᠯ ᠤᠨ ᠪᠦᠯᠦᠭᠯᠡᠯ᠂ ᠡᠾᠸᠢ ᠮᠤᠤ ᠨᠢᠦ ᠪᠦᠯᠦᠭᠯᠡᠯ ᠪᠠ ᠮᠧᠩ ᠪᠧᠨ ᠪᠦᠯᠦᠭᠯᠡᠯ ᠵᠡᠷᠭᠡ ᠬᠦᠳᠡᠭᠡ ᠠᠵᠦ ᠠᠬᠤᠢ ᠶᠢᠨ ᠨᠡᠷᠡᠲᠦ ᠠᠵᠦ ᠠᠬᠤᠶᠢᠯᠠᠯ ᠦᠬᠡᠷ ᠢ ᠤᠶᠤᠨᠯᠢᠭ ᠢᠶᠠᠷ ᠲᠡᠵᠢᠭᠡᠨ ᠦᠷᠡᠵᠢᠬᠦᠯᠬᠦ ᠲᠤᠬᠠᠢ ᠬᠡᠯᠡᠯᠴᠡᠭᠡᠷ ᠲᠤᠭᠲᠠᠭᠰᠠᠨ ᠶᠤᠮ᠃ ᠡᠨᠡ ᠨᠢ ᠰᠠᠭᠠᠯᠢ ᠶᠢᠨ ᠦᠨᠢᠶ᠎ᠡ ᠪᠤᠯᠤᠨ ᠢᠳᠡᠰᠢᠨ ᠤ ᠦᠬᠡᠷ ᠤᠨ ᠠᠵᠦ ᠦᠢᠯᠡᠰ ᠢ ᠬᠠᠮᠤᠷᠤᠭᠰᠠᠨ ᠪᠠᠶᠢᠨ᠎ᠠ᠃ᠬᠠᠮᠢᠶᠠᠲᠠᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠤᠶᠤᠨᠯᠢᠭ ᠢᠶᠠᠷ ᠦᠬᠡᠷ ᠲᠡᠵᠢᠭᠡᠬᠦ ᠮᠡᠷᠭᠡᠵᠢᠯ ᠨᠢ ᠦᠬᠡᠷ ᠪᠠ ᠦᠬᠡᠷ ᠲᠡᠵᠢᠭᠡᠬᠦ ᠬᠥᠮᠥᠨ᠂ ᠲᠡᠷᠡᠴᠢᠯᠡᠨ ᠫᠧᠩ ᠬᠤᠷᠣᠭᠠᠨ ᠤ ᠲᠠᠯ᠎ᠠ ᠶᠢᠨ ᠬᠠᠮᠢᠶᠠᠷᠤᠯᠲᠠ  ᠶᠢ ᠰᠦᠯᠵᠢᠶ᠎ᠡ ᠲᠠᠢ ᠬᠤᠯᠪᠣᠭᠳᠠᠭᠤᠯᠵᠤ ᠪᠣᠯᠣᠨ᠎ᠠ᠂ ᠡᠭᠦᠨ ᠳᠤ ᠦᠬᠡᠷ ᠢ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠡᠪᠡᠳᠴᠢᠨ ᠤ ᠪᠠᠶᠢᠳᠠᠯ ᠢ ᠨᠢ ᠬᠢᠨᠠᠨ ᠬᠡᠮᠵᠢᠬᠦ ᠪᠠ ᠪᠤᠶᠢᠵᠢᠯᠲᠠ ᠶᠢᠨ ᠪᠠᠶᠢᠳᠠᠯ ᠢ ᠨᠢ ᠡᠵᠡᠮᠳᠡᠬᠦ ᠵᠡᠷᠭᠡ ᠣᠯᠠᠨ ᠳᠠᠮᠵᠢᠯᠭ᠎ᠠ ᠪᠠᠭᠲᠠᠵᠤ ᠪᠠᠶᠢᠨ᠎ᠠ᠃                         ᠪᠡᠯᠡᠳᠭᠡᠭᠰᠡᠨ ᠨᠢ᠄ ᠼᠦᠢ ᠶᠢᠩ                        ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠮᠤᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3