10 ᠰᠠᠷ᠎ᠠ ᠶᠢᠨ 22 ᠤᠨ ᠡᠳᠦᠷ ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠠᠴᠠ ᠤᠢᠢᠯᠠᠭᠠᠬᠰᠠᠨ ᠢᠶᠠᠷ᠂ ᠦᠪᠦᠷ ᠮᠤᠩᠭᠤᠯ ᠤᠨ ᠪᠠᠢ ᠬᠠᠨ ᠰᠢᠦᠢ ᠮᠦ ᠠᠮᠢᠳᠤ | ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠪᠡᠶ᠎ᠡ ᠪᠠᠨ ᠲᠠᠭᠠᠭᠠᠨ | ᠰᠤᠳᠤᠯᠤᠬᠰᠠᠨ ︽ᠨᠢᠭᠡ ᠵᠦᠢᠯ ᠤᠨ ᠰᠢᠷ᠎ᠠ ᠦᠨᠳᠦᠰᠦ ᠠᠴᠠ ᠠᠰᠢᠭ ᠲᠠᠢ ᠪᠦᠷᠢᠯᠳᠦᠭᠦᠨ ᠢ ᠭᠠᠷᠭᠠᠨ ᠠᠪᠬᠤ ᠠᠷᠭ᠎ᠠ | ᠵᠢᠴᠢ ᠭᠠᠷᠭᠠᠨ ᠠᠪᠤᠬᠰᠠᠨ ᠪᠦᠷᠢᠯᠳᠦᠭᠦᠨ ᠤ ᠬᠡᠷᠡᠭᠯᠡᠯᠳᠡ︾ ᠤᠯᠤᠰ ᠤᠨ ᠡᠭᠦᠳᠦᠯᠳᠡ ᠶᠢᠨ ᠲᠤᠰᠬᠠᠢ ᠠᠰᠢᠭ ᠢ | ᠬᠦᠷᠳᠡᠵᠤ᠂ ᠡᠨᠡ ᠬᠦ ᠲᠤᠰᠬᠠᠢ ᠠᠰᠢᠭ ᠨᠢ ᠰᠢᠯᠦᠬᠡᠢ ᠡᠪᠡᠳᠴᠢᠨ ᠢ ᠡᠰᠡᠷᠭᠦᠴᠡᠬᠦ ᠪᠠᠰᠠ ᠨᠢᠭᠡ ᠰᠢᠨ᠎ᠡ ᠠᠷᠭ᠎ᠠ | ᠪᠤᠯᠵᠠᠢ᠃ | ᠰᠢᠯᠦᠬᠡᠢ ᠡᠪᠡᠳᠴᠢᠨ ᠪᠤᠯ ᠬᠠᠯᠠᠭᠤᠨ ᠪᠦᠰᠡ ᠪᠤᠯᠤᠨ ᠳᠡᠳ᠋ ᠬᠠᠯᠠᠭᠤᠨ ᠪᠦᠰᠡᠨ ᠤ ᠤᠷᠤᠨ ᠤ ᠬᠦᠭᠵᠢᠵᠤ | ᠪᠠᠶᠢᠭ᠎ᠠ ᠤᠯᠤᠰ ᠤᠨ ᠬᠠᠮᠤᠭ ᠬᠦᠨᠳᠦ ᠨᠤᠴᠢᠳᠠᠢ ᠬᠠᠯᠳᠠᠪᠤᠷᠢᠳᠤ ᠡᠪᠡᠳᠴᠢᠨ ᠤ ᠨᠢᠭᠡ ᠪᠠᠶᠢᠵᠤ᠂ ᠳᠡᠯᠡᠬᠡᠢ ᠶᠢᠨ | ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠮᠡᠳᠡᠭᠡᠯᠡᠯ ᠢ ᠦᠨᠳᠦᠰᠦᠯᠡᠪᠡᠯ᠂ 2008 ᠤᠨ ᠳᠤ ᠪᠦᠬᠦ | ᠪᠦᠮᠪᠦᠷᠴᠡᠭ ᠲᠤ 2.43 ᠳ᠋ᠦᠩᠰᠢᠭᠤᠷ ᠬᠦᠮᠦᠨ ᠰᠢᠯᠦᠬᠡᠢ ᠡᠪᠡᠳᠴᠢᠨ ᠢᠶᠠᠨ ᠡᠮᠨᠡᠭᠦᠯᠵᠤ᠂ 86.3 ᠲᠦᠮᠡᠨ ᠬᠦᠮᠦᠨ | ᠰᠢᠯᠦᠬᠡᠢ ᠡᠪᠡᠳᠴᠢᠨ ᠢᠶᠠᠷ ᠠᠮᠢ ᠪᠠᠨ ᠠᠯᠳᠠᠵᠠᠢ᠃ ᠤᠳᠤᠬᠠᠨ ᠳᠤ ᠰᠢᠯᠦᠬᠡᠢ ᠶᠢ ᠡᠰᠡᠷᠭᠦᠴᠡᠬᠦ ᠡᠮ ᠮᠠᠰᠢ | ᠬᠢᠵᠠᠭᠠᠷ ᠲᠠᠢ᠂ ᠪᠦᠬᠦ ᠪᠦᠮᠪᠦᠷᠴᠡᠭ ᠤᠨ ᠰᠢᠯᠦᠬᠡᠢ ᠶᠢ ᠡᠰᠡᠷᠭᠦᠴᠡᠬᠦ ᠯᠤᠳᠤ ᠶᠡᠭᠡ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠳᠡᠶᠢᠯᠬᠦ ᠦᠭᠡᠢ ᠪᠠᠶᠢᠭᠰᠠᠭᠠᠷ᠃ ᠰᠢᠯᠦᠬᠡᠢ ᠶᠢ ᠡᠰᠡᠷᠭᠦᠴᠡᠬᠦ ᠡᠮ ᠤᠨ ᠰᠤᠳᠤᠯᠤᠨ ᠨᠡᠭᠡᠭᠡᠯᠳᠡ ᠶᠢᠨ | ᠦᠶᠡᠯᠡᠯ ᠤᠨ ᠬᠤᠭᠤᠴᠠᠭ᠎ᠠ ᠤᠷᠲᠤ ᠪᠠ ᠰᠤᠳᠤᠯᠤᠨ ᠨᠡᠭᠡᠭᠡᠬᠦ ᠬᠦᠴᠢᠷ ᠪᠡᠷᠬᠡᠰᠢᠶᠡᠯ ᠨᠢ ᠰᠢᠨ᠎ᠡ ᠡᠮ ᠢ ᠰᠤᠳᠤᠯᠤᠨ | ᠨᠡᠭᠡᠭᠡᠬᠦ ᠬᠤᠷᠳᠤᠴᠠ ᠶᠢ ᠶᠡᠭᠡ ᠪᠠᠷ ᠬᠢᠵᠠᠭᠠᠷᠯᠠᠵᠤ ᠪᠤᠢ᠃ | ᠦᠪᠦᠷ ᠮᠤᠩᠭᠤᠯ ᠤᠨ ᠪᠠᠢ ᠬᠠᠨ ᠰᠢᠦᠢ ᠮᠦ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠢᠡ | ᠮᠡᠷᠭᠡᠵᠢᠯ ᠤᠨ ᠬᠢᠵᠠᠭᠠᠷᠳᠤ ᠺᠤᠮᠫᠠᠨᠢ ᠨᠡᠭᠡᠭᠡᠨ ᠰᠤᠳᠤᠯᠤᠯᠳᠠ ᠬᠢᠬᠦ ᠶᠠᠪᠤᠴᠠ ᠳᠤ ᠰᠢᠷ᠎ᠡ ᠦᠨᠳᠦᠰᠦ ᠶᠢᠨ ᠬᠡᠰᠡᠭ ᠠᠴᠠ | ᠭᠠᠷᠭᠠᠨ ᠠᠪᠤᠬᠰᠠᠨ ᠪᠦᠷᠢᠯᠳᠦᠭᠦᠨ ᠤ ᠬᠤᠤᠷᠳᠤ ᠰᠢᠯᠦᠬᠡᠢ ᠬᠤᠷᠤᠬᠠᠢ ᠶᠢ ᠪᠡᠶ᠎ᠡ ᠶᠢᠨ ᠭᠠᠳᠠᠨ᠎ᠠ ᠡᠰᠡᠷᠭᠦᠴᠡᠬᠦ | ᠴᠢᠳᠠᠪᠤᠷᠢ ᠨᠢ ᠢᠰᠢᠭᠡᠨ ᠰᠢᠷᠠᠯᠵᠢ ᠶᠢᠨ ᠡᠰᠲᠧᠷ ᠲᠠᠢ ᠠᠳᠠᠯᠢᠪᠳᠤᠷ᠂ ᠭᠡᠪᠡᠴᠦ ᠢᠰᠢᠭᠡᠨ ᠰᠢᠷᠠᠯᠵᠢ ᠶᠢᠨ | ᠲᠦᠷᠦᠯ ᠠᠴᠠ ᠭᠠᠳᠠᠨᠠᠬᠢ ᠰᠢᠯᠦᠬᠡᠢ ᠶᠢ ᠡᠰᠡᠷᠭᠦᠴᠡᠬᠦ ᠡᠮ ᠤᠨ ᠦᠢᠯᠡᠳᠦᠯ ᠠᠴᠠ ᠰᠠᠶᠢᠨ ᠪᠠᠶᠢᠵᠤ᠂ ᠰᠢᠯᠦᠬᠡᠢ ᠶᠢ | ᠡᠰᠡᠷᠭᠦᠴᠡᠬᠦ ᠰᠢᠨ᠎ᠡ ᠨᠢᠭᠡᠨ ᠡᠮ ᠪᠤᠯᠬᠤ ᠪᠤᠯᠤᠮᠵᠢ ᠲᠠᠢ ᠪᠠᠶᠢᠬᠤ ᠶᠢ ᠢᠯᠡᠷᠡᠭᠦᠯᠵᠡᠢ᠃ | | | ᠪᠡᠯᠡᠳᠬᠡᠭᠰᠡᠨ ᠨᠢ᠄ | ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ | |