ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠮᠡᠳᠡᠭᠡᠯᠡᠭᠰᠡᠨ ᠢᠶᠠᠷ᠂ ᠪᠡᠭᠡᠵᠢᠩ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠠᠴᠠ ᠣᠶᠢᠯᠠᠭᠠᠭᠰᠠᠨ ᠢᠶᠠᠷ᠂ ᠪᠡᠭᠡᠵᠢᠩ ᠬᠤᠲᠠ ᠠᠴᠠ | ᠣᠨᠣᠰᠢᠯᠠᠭᠰᠠᠨ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠥᠪᠥᠷ ᠮᠣᠩᠭᠤᠯ ᠤᠨ ᠬᠤᠶᠠᠷ | ᠡᠪᠡᠳᠴᠢᠲᠡᠨ ᠤ ᠨᠢᠭᠡᠨ ᠤ ᠬᠢᠨᠢ ᠡᠪᠡᠳᠴᠢᠨ ᠤ ᠪᠠᠶᠢᠳᠠᠯ ᠲᠣᠭᠲᠠᠪᠤᠷᠢᠲᠠᠢ ᠪᠣᠯᠵᠤ᠂ ᠨᠥᠭᠦᠭᠡ ᠨᠢᠭᠡᠨ ᠤ ᠬᠢᠨᠢ | ᠡᠪᠡᠳᠴᠢᠨ ᠨᠢ ᠬᠦᠨᠳᠦ ᠪᠠᠶᠢᠭ᠎ᠠ ᠪᠣᠯᠪᠠᠴᠤ ᠴᠢᠨᠠᠭᠰᠢᠳᠠ ᠬᠦᠨᠳᠦᠷᠡᠭᠡ ᠦᠭᠡᠢ ᠭᠡᠵᠡᠢ᠃ | ᠰᠢᠨ ᠵᠢᠩ ᠪᠣᠣ ᠰᠣᠨᠢᠨ ᠤ 12 ᠤᠨ ᠰᠥᠨᠢ ᠪᠠᠷ ᠮᠡᠳᠡᠭᠡᠯᠡᠭᠰᠡᠨ ᠠᠴᠠ ᠦᠵᠡᠪᠡᠯ᠂ ᠪᠡᠭᠡᠵᠢᠩ ᠬᠤᠲᠠ | ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ ᠠᠪᠤᠭᠰᠠᠨ ᠬᠤᠶᠠᠷ ᠡᠪᠡᠳᠴᠢᠲᠡᠨ ᠢ ᠡᠮᠴᠢᠯᠡᠯᠡ ᠭᠡᠰᠡᠨ ᠢ ᠠᠯᠪᠠᠨ ᠤ | ᠲᠠᠯ᠎ᠠ ᠠᠴᠠ ᠲᠣᠳᠣᠯᠠᠵᠤ ᠨᠤᠲᠠᠯᠠᠭᠰᠠᠨ ᠪᠠᠶᠢᠨ᠎ᠠ᠃ | 11 ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ | ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠬᠤᠶᠠᠷ ᠮᠠᠯᠴᠢᠨ ᠤ ᠡᠪᠡᠳᠴᠢᠨ ᠢ ᠡᠮᠨᠡᠯᠭᠡ ᠶᠢᠨ ᠲᠤᠰᠬᠠᠢ | ᠮᠡᠷᠭᠡᠵᠢᠯᠲᠡᠨ ᠠᠴᠠ ᠬᠠᠮᠲᠤᠷᠠᠨ ᠣᠨᠣᠰᠢᠯᠠᠭ᠎ᠠ ᠬᠢᠭᠰᠡᠨ ᠤ ᠳ᠋ᠦᠩ ᠳᠤ᠂ ᠲᠡᠳᠡ ᠠᠭᠤᠰᠬᠢ ᠪᠠᠷ ᠳᠠᠮᠵᠢᠨ | ᠬᠠᠯᠳᠠᠪᠤᠷᠢᠯᠠᠬᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠢ ᠣᠨᠣᠰᠢᠯᠠᠵᠤ ᠲᠣᠳᠣᠯᠠᠭᠰᠠᠨ ᠪᠠᠶᠢᠨ᠎ᠠ᠃ | ᠣᠳᠣᠬᠠᠨ ᠳᠤ ᠡᠨᠡ ᠬᠤᠶᠠᠷ ᠡᠪᠡᠳᠴᠢᠲᠡᠨ ᠢ ᠨᠢᠭᠡᠨᠲᠡ ᠪᠡᠭᠡᠵᠢᠩ ᠬᠤᠲᠠ ᠶᠢᠨ ᠴᠣᠣ ᠶᠠᠩ ᠲᠣᠭᠤᠷᠢᠭ ᠤᠨ | ᠬᠠᠮᠢᠶ᠎ᠠ ᠲᠠᠢ ᠡᠮᠴᠢᠯᠡᠭᠡᠨ ᠤ ᠪᠠᠶᠢᠭᠤᠯᠤᠮᠵᠢ ᠲᠣᠬᠢᠷᠠᠮᠵᠢᠲᠠᠢ ᠡᠮᠨᠡᠨ ᠵᠠᠰᠠᠵᠤ᠂ ᠬᠠᠮᠢᠶ᠎ᠠ ᠲᠠᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠬᠡᠨᠳᠡ ᠨᠠᠶᠢᠳᠠᠪᠤᠷᠢᠵᠢᠭᠤᠯᠤᠭᠰᠠᠨ ᠪᠠᠶᠢᠨ᠎ᠠ᠃ ᠰᠤᠷᠪᠤᠯᠵᠢᠯᠠᠭᠴᠢ ᠶᠢᠨ | ᠣᠶᠢᠯᠠᠭᠠᠭᠰᠠᠨ ᠢᠶᠠᠷ᠂ ᠡᠨᠡ ᠬᠤᠶᠠᠷ ᠡᠪᠡᠳᠴᠢᠲᠡᠨ ᠢ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠡᠮᠨᠡᠯᠭᠡ ᠶᠢᠨ | ᠪᠠᠶᠢᠭᠤᠯᠤᠮᠵᠢ ᠶᠢᠨ ᠲᠦᠷᠭᠡᠨ ᠠᠪᠤᠷᠠᠯᠲᠠ ᠶᠢᠨ ᠮᠠᠰᠢᠨ ᠢᠶᠠᠷ ᠪᠡᠭᠡᠵᠢᠩ ᠳᠤ ᠬᠦᠷᠭᠡᠵᠦ ᠢᠷᠡᠭᠰᠡᠨ ᠶᠤᠮ᠃ ᠣᠳᠣ | ᠪᠣᠯᠲᠠᠯ᠎ᠠ ᠡᠨᠡ ᠬᠤᠶᠠᠷ ᠡᠪᠡᠳᠴᠢᠲᠡᠨ ᠲᠠᠢ ᠣᠶᠢᠷᠠᠲᠤᠭᠰᠠᠨ ᠬᠥᠮᠥᠰ ᠲᠤ ᠬᠠᠯᠠᠭᠤᠷᠠᠬᠤ ᠵᠡᠷᠭᠡ ᠬᠡᠪ ᠤᠨ ᠪᠤᠰᠤ | ᠪᠠᠶᠢᠳᠠᠯ ᠭᠠᠷᠤᠭ᠎ᠠ ᠦᠭᠡᠢ ᠪᠠᠶᠢᠨ᠎ᠠ᠃ | ᠠᠵᠤ ᠠᠬᠤᠢ ᠶᠢᠨ ᠰᠢᠨᠵᠢᠯᠡᠭᠡᠨ ᠤ ᠰᠦᠯᠵᠢᠶᠡᠨ ᠳᠤ 12 ᠤᠨ ᠰᠥᠨᠢ ᠮᠡᠳᠡᠭᠡᠯᠡᠭᠰᠡᠨ ᠢ ᠦᠨᠳᠤᠰᠦᠯᠡᠪᠡᠯ᠂ | ᠴᠣᠣ ᠶᠠᠩ ᠡᠮᠨᠡᠯᠭᠡ ᠶᠢᠨ ᠬᠤᠷᠢᠶᠠᠨ ᠤ ᠬᠠᠮᠢᠶ᠎ᠠ ᠲᠠᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠬᠤ ᠳᠤ ᠪᠠᠨ ᠣᠯᠠᠨ ᠲᠦᠮᠡᠨ ᠰᠠᠨᠳᠤᠷᠴᠤ ᠠᠶᠤᠬᠤ ᠬᠡᠷᠡᠭ ᠦᠭᠡᠢ᠂ ᠣᠳᠣᠬᠠᠨ ᠳᠤ ᠪᠦᠬᠦ ᠵᠦᠢᠯ ᠬᠢᠨᠠᠯᠲᠠ | ᠪᠠ ᠡᠵᠡᠮᠰᠢᠯ ᠳᠤ ᠪᠠᠶᠢᠨ᠎ᠠ ᠭᠡᠵᠡᠢ᠃ | ᠬᠤᠯᠤᠭᠠᠨ᠎ᠠ ᠶᠢᠨ ᠬᠢᠵᠢᠭ ᠤᠨ ᠶᠡᠷᠦ ᠶᠢᠨ ᠮᠡᠳᠡᠯᠭᠡ᠄ | ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠸᠢᠷᠦ᠋ᠰ ᠠᠴᠠ ᠪᠣᠯᠵᠤ ᠬᠠᠯᠳᠠᠪᠤᠷᠢᠯᠠᠳᠠᠭ | ᠡᠪᠡᠳᠴᠢᠨ ᠶᠤᠮ᠂ ᠡᠨᠡ ᠨᠢ ᠮᠡᠷᠡᠭᠴᠢ ᠠᠮᠢᠲᠠᠨ ᠤ ᠬᠤᠭᠤᠷᠣᠨᠳᠤ ᠬᠠᠯᠳᠠᠪᠤᠷᠢᠯᠠᠳᠠᠭ᠃ ᠡᠨᠡ ᠬᠢᠵᠢᠭ ᠪᠣᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ | ︾ ᠳᠤ ᠲᠣᠭᠲᠠᠭᠠᠭᠰᠠᠨ ᠬᠥᠬᠡ ᠳᠡᠰ ᠤᠨ ᠡᠪᠡᠳᠴᠢᠨ ᠶᠤᠮ᠃ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢ | ᠠᠪᠤᠭᠰᠠᠨ ᠬᠥᠮᠥᠨ ᠤ ᠡᠪᠡᠳᠴᠢᠨ ᠤ ᠢᠯᠡᠷᠡᠯ ᠨᠢ ᠲᠦᠷᠭᠡᠨ᠂ ᠡᠷᠡᠰᠳᠡᠬᠦ ᠨᠣᠷᠮ᠎ᠠ ᠨᠢ ᠥᠨᠳᠥᠷ᠂ ᠬᠠᠯᠳᠠᠪᠤᠷᠢᠲᠤ | ᠴᠢᠨᠠᠷ ᠨᠢ ᠴᠢᠩᠭ᠋᠎ᠠ᠂ ᠲᠠᠷᠬᠠᠵᠤ ᠲᠦᠭᠡᠬᠦ ᠨᠢ ᠮᠥᠨ ᠬᠤᠷᠳᠤᠨ ᠶᠤᠮ᠃ ᠡᠨᠡ ᠬᠢᠵᠢᠭ ᠡᠪᠡᠳᠴᠢᠨ ᠪᠥᠭᠡᠰᠦ ᠪᠠᠷ | ᠳᠠᠮᠵᠢᠵᠤ ᠬᠠᠯᠳᠠᠪᠤᠷᠢᠯᠠᠬᠤ ᠪᠥᠭᠡᠳ ᠪᠠᠰᠠ ᠬᠥᠮᠥᠨ ᠬᠥᠮᠥᠨ ᠤ ᠬᠤᠭᠤᠷᠣᠨᠳᠤ ᠬᠠᠯᠳᠠᠪᠤᠷᠢᠯᠠᠵᠤ᠂ ᠬᠢᠵᠢᠭ | ᠲᠠᠷᠬᠠᠭᠰᠠᠨ ᠣᠷᠣᠨ ᠳᠤ ᠬᠡᠭᠡᠷ᠎ᠡ ᠭᠠᠳᠠᠨ᠎ᠠ ᠠᠵᠢᠯᠯᠠᠳᠠᠭ ᠬᠥᠮᠥᠨ᠂ ᠡᠰᠡᠪᠡᠯ ᠲᠠᠷᠪᠠᠭ᠎ᠠ ᠠᠩᠨᠠᠵᠤ ᠢᠳᠡᠳᠡᠭ ᠬᠥᠮᠥᠨ | ᠠᠮᠠᠷᠬᠠᠨ ᠬᠠᠯᠳᠠᠪᠤᠷᠢ ᠠᠪᠳᠠᠭ ᠶᠤᠮ᠃ | ᠨᠢᠶᠠᠨ ᠳᠠᠷᠤᠭᠴᠢ ︵抗生素︶︶ ᠵᠡᠷᠭᠡ ᠡᠮ ᠲᠠᠩ ᠢᠶᠠᠷ ᠴᠠᠭ ᠲᠤᠬᠠᠢ ᠳᠤ ᠨᠢ ᠡᠮᠴᠢᠯᠡᠪᠡᠯ᠂ ᠡᠨᠡ | ᠡᠪᠡᠳᠴᠢᠨ ᠤ ᠡᠷᠡᠰᠳᠡᠯ ᠤᠨ ᠨᠣᠷᠮ᠎ᠠ ᠶᠢ ᠪᠠᠭᠤᠷᠠᠭᠤᠯᠵᠤ ᠳᠡᠶᠢᠯᠦᠨ᠎ᠡ᠃ ᠬᠥᠮᠥᠰ ᠬᠢᠵᠢᠭ ᠳᠡᠯᠭᠡᠷᠡᠭᠰᠡᠨ ᠣᠷᠣᠨ ᠳᠤ | ᠣᠴᠢᠬᠤ ᠦᠭᠡᠢ᠂ ᠬᠠᠯᠳᠠᠪᠤᠷᠢ ᠠᠪᠤᠭᠰᠠᠨ ᠬᠥᠮᠥᠨ ᠲᠠᠢ ᠣᠶᠢᠷᠠᠳᠬᠤ ᠦᠭᠡᠢ᠂ ᠪᠥᠭᠡᠰᠦ ᠬᠢᠭᠤᠷᠰᠤᠨ ᠳᠤ | ᠬᠠᠵᠠᠭᠳᠠᠬᠤ ᠠᠴᠠ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ ᠪᠥᠭᠡᠳ ᠬᠡᠷᠪᠡ ᠡᠪᠡᠳᠴᠢᠨ ᠤ | ᠢᠯᠡᠷᠡᠯ ᠲᠠᠢ ᠪᠣᠯᠪᠠᠯ ᠳᠠᠷᠦ᠋ᠢᠬᠠᠨ ᠡᠮᠨᠡᠯᠭᠡ ᠶᠢᠨ ᠬᠤᠷᠢᠶ᠎ᠠ ᠪᠤᠶᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ | ᠬᠠᠷᠢᠯᠴᠠᠬᠤ ᠬᠡᠷᠡᠭᠲᠡᠢ᠃ | ᠪᠡᠯᠡᠳᠬᠡᠭᠰᠡᠨ ᠨᠢ᠄ ᠼᠦᠢ ᠶᠢᠩ | ᠢᠷᠡᠯᠳᠡ᠄ ᠲᠥᠪ ᠷᠠᠳᠢᠣ᠋ ᠶᠢᠨ ᠮᠣᠩᠭᠤᠯ ᠰᠦᠯᠵᠢᠶ᠎ᠡ |