ᠬᠦᠬᠡᠬᠤᠳᠡ ᠠᠴᠠ ᠪᠡᠭᠡᠵᠢᠩ ᠬᠦᠷᠬᠦ ᠳᠡᠭᠡᠳᠦ ᠬᠤᠷᠳᠤᠴᠠᠲᠤ ᠭᠠᠯᠳᠦ ᠲᠡᠷᠭᠡ 2 ᠴᠠᠭ 18 ᠮᠢᠨᠦ᠋ᠲ ᠬᠡᠷᠡᠭᠯᠡᠬᠦ ᠪᠤᠯᠵᠠᠢ
ᠨᠡᠶᠢᠲᠡᠯᠡᠭᠰᠡᠨ ᠴᠠᠭ᠄
2019-12-03
      25 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠥᠬᠡ ᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠬᠠᠮᠤᠭ ᠬᠤᠷᠳᠤᠨ ᠳᠠᠭᠠᠨ 2 ᠴᠠᠭ 18 ᠮᠢᠨᠦ᠋ᠲ ᠪᠤᠯᠤᠨ᠎ᠠ ᠭᠡᠵᠦ ᠲᠠᠨᠢᠯᠴᠠᠭᠤᠯᠵᠠᠢ᠃      ᠳ᠋ᠠᠶ ᠬᠤᠩ ᠲᠠᠨᠢᠯᠴᠠᠭᠤᠯᠬᠤ ᠳᠠᠭᠠᠨ᠂ ᠬᠥᠬᠡ ᠬᠤᠲᠠ ᠠᠴᠠ ᠪᠡᠭᠡᠵᠢᠩ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠨᠢ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢᠶᠠᠷ ᠪᠦᠷᠢᠯᠳᠦᠵᠦ᠂ ᠲᠡᠷᠭᠡ ᠨᠡᠪᠲᠡᠷᠡᠭᠰᠡᠨ ᠤ ᠳᠠᠷᠠᠭ᠎ᠠ 20 ᠬᠤᠤᠰ ᠣᠷᠴᠢᠮ ᠳᠡᠭᠡᠳᠦ ᠬᠤᠷᠳᠤᠴᠠᠲᠤ ᠭᠠᠯᠲᠤ ᠲᠡᠷᠭᠡ ᠶᠢ ᠨᠡᠪᠲᠡᠷᠡᠭᠦᠯᠬᠦ ᠪᠠᠷ ᠪᠣᠶ᠃ ᠬᠥᠬᠡᠬᠤᠲᠠ᠂ ᠪᠤᠭᠤᠲᠤ᠂ ᠤᠯᠠᠭᠠᠨᠴᠠᠪ ᠴᠥᠮ ᠪᠡᠭᠡᠵᠢᠩ ᠳᠤ ᠣᠷᠣᠬᠤ ᠳᠡᠭᠡᠳᠦ ᠬᠤᠷᠳᠤᠴᠠᠲᠤ ᠲᠡᠮᠦᠷ ᠵᠠᠮ ᠤᠨ ᠴᠤᠪᠤᠭ᠎ᠠ ᠲᠡᠷᠭᠡ ᠲᠠᠢ ᠪᠠᠶᠢᠵᠤ ᠂ ᠬᠥᠬᠡ ᠬᠤᠲᠠ ᠠᠴᠠ ᠪᠡᠭᠡᠵᠢᠩ ᠳᠤ ᠣᠷᠣᠬᠤ ᠴᠠᠭ ᠨᠢ ᠣᠳᠣᠬᠠᠨ ᠤ ᠬᠠᠮᠤᠭ ᠤᠨ ᠬᠤᠷᠳᠤᠨ ᠨᠢ 9 ᠴᠠᠭ ᠭᠠᠷᠤᠶ ᠪᠠᠶᠢᠭᠰᠠᠨ ᠠᠴᠠ ᠪᠠᠨ 3 ᠴᠠᠭ ᠤᠨ ᠳᠣᠲᠣᠷ᠎ᠠ ᠪᠠᠭᠠᠰᠴᠤ᠂ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠲᠤ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃      ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠳᠦ ᠲᠡᠮᠦᠷ ᠵᠠᠮ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂ ᠲᠤᠰ ᠳᠡᠭᠡᠳᠦ ᠬᠤᠷᠳᠤᠴᠠᠳᠦ ᠲᠡᠮᠦᠷ ᠵᠠᠮ 12 ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠨ᠎ᠡ᠃      ᠣᠶᠢᠯᠠᠭᠠᠭᠰᠠᠨ ᠢᠶᠠᠷ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ ᠤᠯᠠᠭᠠᠨᠴᠠᠪ ᠠᠴᠠ ᠬᠥᠬᠡᠬᠤᠲᠠ ᠬᠦᠷᠬᠦ ᠬᠡᠰᠡᠭ ᠨᠢ 2017 ᠤᠨ ᠤ 8 ᠰᠠᠷ᠎ᠠ ᠳᠤ ᠠᠰᠢᠭᠯᠠᠯᠲᠠ ᠳᠤ ᠣᠷᠣᠪᠠ᠃ ᠡᠨᠡ ᠵᠢᠯ ᠤᠨ 6 ᠰᠠᠷ᠎ᠠ ᠠᠴᠠ ᠨᠠᠰᠢ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ ᠬᠤᠸᠠᠢ ᠠᠨ ᠠᠴᠠ ᠤᠯᠠᠭᠠᠨᠴᠠᠪ ᠬᠦᠷᠬᠦ ᠬᠡᠰᠡᠭ ᠤᠨ ᠬᠤᠯᠪᠣᠭᠠᠯᠠᠨ ᠲᠤᠷᠰᠢᠬᠤ ᠪᠠ ᠲᠤᠷᠰᠢᠨ ᠠᠵᠢᠯᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠨᠲᠡ ᠳᠠᠭᠤᠰᠬᠠᠪᠠ᠃          ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠢᠨᠵᠧᠨᠧᠷᠢᠩ ᠪᠣᠯᠤᠭᠰᠠᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ 10 ᠰᠠᠷ᠎ᠠ ᠶᠢᠨ 5 ᠤ ᠡᠳᠦᠷ ᠠᠴᠠ ᠡᠬᠢᠯᠡᠨ ᠲᠤᠷᠰᠢᠵᠤ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠬᠤᠯᠪᠣᠭᠠᠯᠠᠨ ᠲᠤᠷᠰᠢᠬᠤ ᠠᠵᠢᠯ ᠤᠷᠤᠭᠰᠢᠲᠠᠶ ᠶᠠᠪᠤᠭᠳᠠᠵᠤ᠂ ᠲᠡᠮᠦᠷ ᠵᠠᠮ ᠤᠨ ᠰᠠᠯᠠᠭ᠎ᠠ ᠮᠥᠴᠢᠷ ᠤᠨ ᠳᠡᠭᠡᠳᠦ ᠬᠤᠷᠳᠤᠴᠠᠲᠤ ᠲᠡᠮᠦᠷ ᠵᠠᠮ ᠢ ᠨᠡᠪᠲᠡᠷᠡᠭᠦᠯᠦᠨ ᠡᠵᠡᠩᠨᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠪᠴᠢᠯᠡᠨ ᠠᠬᠢᠭᠤᠯᠬᠤ ᠪᠣᠯᠤᠨ᠎ᠠ      ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠪᠣᠯᠤᠨ ᠤᠯᠤᠰ ᠤᠨ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠪᠡ ᠶᠣᠰᠣᠭᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠺᠣᠮᠫᠠᠨᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠲᠤᠷᠠᠨ ᠪᠤᠭᠤᠲᠤ ᠠᠴᠠ ᠢᠷᠭᠠᠶ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠪᠤᠭᠤᠲᠤ ᠠᠴᠠ ᠬᠦᠢ ᠨᠦᠡᠭ ᠳ᠋ᠤᠸᠠᠨ ᠬᠦᠷᠬᠦ ᠬᠡᠰᠡᠭ᠂ ᠵᠢᠨᠢᠩ ᠠᠴᠠ ᠳ᠋ᠠᠲ᠋ᠤᠩ᠂ ᠶᠤᠸᠠᠨ ᠫᠢᠡᠭ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠣᠷᠳᠣᠰ ᠠᠴᠠ ᠢᠦᠢ ᠯᠢᠨ ᠬᠦᠷᠬᠦ ᠬᠡᠰᠡᠭ ᠤᠨ 3 ᠭᠤᠤᠯᠳᠠᠯᠭ᠎ᠠ ᠲᠠᠢ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠠᠵᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃                 ᠪᠡᠯᠡᠳᠭᠡᠭᠰᠡᠨ ᠨᠢ᠄  ᠼᠦᠢ ᠶᠢᠩ                ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3