10 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ | ᠲᠣᠪᠴᠢᠶ᠎ᠠ 2019 ᠤᠨ ᠤ ᠡᠪᠦᠯ ᠤᠨ ᠤᠯᠠᠷᠢᠯ ᠤᠨ ᠠᠭᠤᠷ ᠠᠮᠢᠰᠬᠤᠯ ᠤᠨ ᠬᠠᠨᠳᠤᠰᠢ ᠶᠢ ᠲᠦᠰᠦᠭᠡᠯᠡᠨ ᠠᠩᠬ᠎ᠠ | ᠠᠯᠬᠤᠮ ᠤᠨ ᠰᠠᠨᠠᠯ ᠢ ᠨᠡᠶᠢᠲᠡᠯᠡᠪᠡ᠃ ᠲᠥᠰᠦᠭᠡᠯᠡᠯ ᠢ ᠦᠨᠳᠦᠰᠦᠯᠡᠪᠡᠯ᠂ ᠥᠪᠥᠷ ᠮᠣᠩᠭᠤᠯ ᠤᠨ ᠶᠡᠬᠡᠩᠬᠢ ᠬᠡᠰᠡᠭ | ᠭᠠᠵᠠᠷ ᠣᠷᠣᠨ ᠤ ᠡᠨᠡ ᠡᠪᠦᠯ ᠤᠨ ᠳᠤᠮᠳᠠᠴᠢ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠨ᠎ᠠ᠂ ᠭᠡᠪᠡᠴᠦ ᠮᠥᠰᠥ | ᠴᠠᠰᠤᠨ ᠤ ᠵᠠᠮ ᠬᠠᠷᠢᠯᠴᠠᠭ᠎ᠠ ᠳᠤ ᠦᠵᠡᠭᠦᠯᠬᠦ ᠠᠰᠢᠭ ᠦᠭᠡᠢ ᠨᠥᠯᠥᠭᠡ ᠪᠣᠯᠤᠨ ᠱᠠᠲᠤᠴᠢ ᠴᠢᠨᠠᠷᠲᠠᠶ ᠳᠣᠤᠷ᠎ᠠ | ᠳᠤᠯᠠᠭᠠᠨ ᠤ ᠬᠥᠮᠦᠰ ᠤᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠮᠥᠨ ᠠᠩᠬᠠᠷᠬᠤ | ᠬᠡᠷᠡᠭᠲᠡᠶ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ | ᠶᠠᠩ ᡁᠢ ᠵᠢᠶᠧ ᠲᠠᠨᠢᠯᠴᠠᠭᠤᠯᠬᠤ ᠳᠠᠭᠠᠨ᠂ 2019 ᠤᠨ ᠤ ᠡᠪᠦᠯ ᠤᠨ ᠤᠯᠠᠷᠢᠯ ᠤᠨ ᠥᠪᠥᠷ ᠮᠣᠩᠭᠤᠯ ᠤᠨ | ᠳᠤᠮᠳᠠᠴᠢ ᠠᠭᠠᠷ ᠤᠨ ᠳᠤᠯᠠᠭᠠᠨ ᠤ ᠬᠠᠨᠳᠤᠰᠢ ᠶᠢᠨ ᠵᠢᠱᠢᠯᠲᠡ ᠠᠴᠠ ᠦᠵᠡᠪᠡᠯ᠂ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ ᠲᠤ 1 | — 2 ℃ ᠥᠨᠳᠥᠷ᠂ ᠪᠤᠰᠤᠳ ᠭᠠᠵᠠᠷ ᠣᠷᠣᠨ ᠳᠤ 0 — 1 ℃ ᠥᠨᠳᠥᠷ ᠪᠠᠶᠢᠨ᠎ᠠ᠃ | ᠬᠤᠷ᠎ᠠ ᠲᠤᠨᠤᠳᠠᠰᠤᠨ ᠤ ᠬᠡᠮᠵᠢᠶ᠎ᠡ ᠶᠢᠨ ᠵᠢᠱᠢᠯᠲᠡ ᠠᠴᠠ ᠦᠵᠡᠪᠡᠯ᠂ ᠤᠯᠠᠭᠠᠨᠴᠠᠪ ᠬᠤᠲᠠ ᠶᠢᠨ ᠡᠮᠦᠨᠡᠲᠦ | ᠬᠡᠰᠡᠭ᠂ ᠬᠦᠬᠡᠬᠤᠳᠡ ᠶᠢᠨ ᠳᠤᠮᠳᠠ ᠬᠡᠰᠡᠭ ᠂ ᠡᠮᠦᠨᠡᠲᠦ ᠬᠡᠰᠡᠭ᠂ ᠪᠤᠭᠤᠲᠤ ᠬᠤᠲᠠ ᠶᠢᠨ ᠡᠮᠦᠨᠡᠲᠦ ᠬᠡᠰᠡᠭ᠂ | ᠣᠷᠳᠣᠰ ᠬᠤᠲᠠ ᠶᠢᠨ ᠶᠡᠬᠡᠩᠬᠢ ᠬᠡᠰᠡᠭ ᠨᠢ 0 — 2 ᠬᠤᠪᠢ ᠢᠯᠡᠭᠦᠤ ᠪᠠᠶᠢᠵᠤ᠂ ᠪᠤᠰᠤᠳ ᠭᠠᠵᠠᠷ ᠣᠷᠣᠨ ᠨᠢ | 0 — 2 ᠬᠤᠪᠢ ᠳᠤᠲᠠᠭᠤ ᠪᠠᠶᠢᠨ᠎ᠠ᠃ | ᠠᠭᠠᠷ ᠮᠠᠨᠳᠠᠯ ᠤᠨ ᠣᠷᠴᠢᠯ ᠤᠷᠤᠰᠬᠠᠯ ᠤᠨ ᠬᠤᠪᠢᠷᠠᠯᠲᠠ ᠠᠴᠠ ᠪᠤᠯᠵᠦ᠂ ᠴᠠᠭ ᠠᠭᠤᠷ ᠤᠨ ᠰᠠᠯᠠᠭ᠎ᠠ | ᠮᠥᠴᠢᠷ ᠦᠷᠭᠦᠯᠵᠢᠯᠡᠨ ᠮᠥᠷᠳᠡᠨ ᠬᠢᠨᠠᠨ ᠬᠡᠮᠵᠢᠵᠦ᠂ ᠨᠥᠬᠦᠪᠥᠷᠢᠯᠡᠨ ᠵᠠᠯᠠᠷᠠᠭᠤᠯᠬᠤ ᠪᠣᠯᠤᠨ᠎ᠠ᠃ | ᠶᠠᠩ ᡁᠢ ᠵᠢᠶᠧ ᠢᠯᠡᠷᠬᠡᠶᠢᠯᠡᠬᠦ ᠳᠡᠭᠡᠨ᠂ ᠣᠳᠣᠬᠠᠨ ᠳᠤ ᠥᠪᠥᠷ ᠮᠣᠩᠭᠤᠯ ᠤᠨ ᠶᠡᠬᠡᠩᠬᠢ ᠭᠠᠵᠠᠷ ᠳᠡᠭᠡᠷᠡᠬᠢ | ᠠᠮᠢᠳᠤ ᠪᠣᠳᠠᠰ ᠤᠨ ᠬᠡᠮᠵᠢᠶ᠎ᠡ ᠥᠩᠭᠡᠷᠡᠭᠰᠡᠨ ᠵᠢᠯ ᠤᠳ ᠤᠨ ᠬᠢ ᠠᠴᠠ ᠵᠢᠭᠠᠬᠠᠨ ᠥᠨᠳᠥᠷ ᠪᠠᠶᠢᠵᠤ᠂ ᠨᠠᠮᠤᠷ ᠤᠨ | ᠤᠯᠠᠷᠢᠯ ᠳᠤ ᠣᠷᠣᠭᠰᠠᠨ ᠤ ᠳᠠᠷᠠᠭ᠎ᠠ᠂ ᠤᠷᠭᠤᠮᠠᠯ ᠬᠤᠴᠢᠯᠭ᠎ᠠ ᠠᠭᠠᠵᠢᠮ ᠢᠶᠠᠷ ᠰᠢᠷᠠᠯᠠᠵᠤ᠂ ᠰᠢᠲᠠᠮᠠᠬᠠᠶ ᠴᠢᠨᠠᠷ ᠨᠢ | ᠴᠢᠩᠭᠠᠷᠠᠵᠤ᠂ ᠨᠠᠮᠤᠷ ᠤᠨ ᠭᠠᠯ ᠰᠡᠷᠭᠡᠶᠢᠯᠡᠯᠲᠡ ᠶᠢᠨ ᠬᠤᠭᠤᠴᠠᠭᠠᠨ ᠳᠤ ᠥᠪᠥᠷ ᠮᠣᠩᠭᠤᠯ ᠤᠨ ᠶᠡᠬᠡᠩᠬᠢ ᠭᠠᠵᠠᠷ ᠤᠨ | ᠠᠭᠠᠷ ᠤᠨ ᠳᠤᠯᠠᠭᠠᠨ ᠨᠡᠶᠢᠳᠡᠮ ᠳᠡᠭᠡᠨ ᠥᠨᠳᠥᠷ ᠰᠢᠭ ᠪᠠᠶᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠣᠢ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢ ᠴᠢᠩᠭ᠎ᠠ ᠠᠩᠬᠠᠷᠴᠤ᠂ ᠴᠠᠭ ᠠᠭᠤᠷ ᠤᠨ ᠰᠠᠯᠠᠭ᠎ᠠ | ᠮᠥᠴᠢᠷ ᠤᠨ ᠨᠡᠶᠢᠲᠡᠯᠡᠭᠰᠡᠨ ᠭᠠᠯ ᠤᠨ ᠠᠶᠤᠯ ᠤᠨ ᠵᠡᠷᠭᠡ ᠲᠡᠰ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ | ᠠᠩᠬᠠᠷᠴᠤ᠂ ᠬᠥᠮᠦᠨ ᠤ ᠬᠦᠴᠦᠨ ᠤ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠤᠬᠠᠭᠤᠯᠬᠤ ᠪᠠᠨ | ᠴᠢᠩᠭᠠᠳᠬᠠᠵᠤ᠂ ᠭᠠᠯ ᠰᠡᠷᠭᠡᠶᠢᠯᠡᠬᠦ ᠪᠠ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠡᠯ᠎ᠡ | ᠵᠦᠢᠯ ᠤᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ ᠭᠡᠵᠡᠶ᠃ | ᠬᠠᠪᠤᠷ ᠤᠨ ᠤᠯᠠᠷᠢᠯ ᠪᠣᠯ ᠠᠮᠠᠷᠬᠠᠨ ᠭᠠᠩᠳᠠᠬᠤ ᠤᠯᠠᠷᠢᠯ ᠮᠥᠨ᠃ 2020 ᠤᠨ ᠤ ᠬᠠᠪᠤᠷ᠂ ᠦᠪᠤᠷ | ᠮᠤᠩᠭᠤᠯ ᠤᠨ ᠳᠤᠮᠳᠠ ᠬᠡᠰᠡᠭ ᠪᠠᠷᠠᠭᠤᠨ ᠬᠡᠰᠡᠭ ᠂ ᠡᠮᠦᠨᠡᠲᠦ ᠬᠡᠰᠡᠭ ᠤᠨ ᠭᠠᠵᠠᠷ ᠣᠷᠣᠨ ᠲᠤᠨᠤᠳᠠᠰᠦ ᠣᠯᠠᠨ | ᠪᠠᠶᠢᠵᠦ᠂ ᠥᠪᠥᠷ ᠮᠣᠩᠭᠤᠯ ᠤᠨ ᠶᠡᠬᠡᠩᠬᠢ ᠭᠠᠵᠠᠷ ᠣᠷᠣᠨ ᠲᠤᠨᠤᠳᠠᠰᠦ ᠪᠠᠭ᠎ᠠ᠂ ᠠᠭᠠᠷ ᠤᠨ ᠳᠤᠯᠠᠭᠠᠨ ᠥᠨᠳᠥᠷ | ᠪᠠᠶᠢᠨ᠎ᠠ᠃ ᠡᠶᠢᠮᠦ ᠠᠴᠠ ᠵᠡᠭᠦᠨ ᠬᠡᠰᠡᠭ ᠂ ᠡᠮᠦᠨ᠎ᠡ ᠬᠡᠰᠡᠭ ᠤᠨ ᠭᠠᠵᠠᠷ ᠣᠷᠣᠨ ︵ᠭᠤᠤᠯᠳᠠᠭᠤ ᠲᠠᠷᠢᠶᠠᠯᠠᠬᠤ ᠣᠷᠣᠨ | ︶ ᠤ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠡᠭᠦᠰᠬᠦ | ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ | ᠬᠢᠬᠦ ᠶᠢ ᠰᠠᠨᠠᠭᠤᠯᠤᠶ᠎ᠠ ᠭᠡᠵᠡᠢ᠃ | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ |