ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠹᠧᠩᠵᠧᠨ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠤᠷᠤᠬᠳᠠᠯ ᠬᠠᠭᠤᠴᠢᠨ ᠢ ᠨᠤᠷᠠᠭᠠᠨ ᠲᠥᠪᠬᠢᠨᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019-12-09
     ᠡᠯ᠎ᠡ ᠰᠢᠶᠠᠩ ᠪᠠᠯᠭᠠᠰᠤ᠂ ᠬᠤᠲᠠ ᠤ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄      ᠡᠳᠦᠭᠡ ︽ᠹᠧᠩᠵᠧᠨ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠤᠷᠤᠬᠳᠠᠯ ᠬᠠᠭᠤᠴᠢᠨ ᠢ ᠨᠤᠷᠠᠭᠠᠨ ᠲᠥᠪᠬᠢᠨᠡᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠦᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ ᠡᠭᠦᠨ ᠤ ᠲᠤᠬᠠᠢ ᠮᠡᠳᠡᠭᠳᠡᠪᠡ                                       2019 ᠤᠨ 9 ᠰᠠᠷ᠎ᠠ ᠶᠢᠨ 16 ᠤ ᠡᠳᠦᠷ      ᠹᠧᠩᠵᠧᠨ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠤᠷᠤᠬᠳᠠᠯ ᠬᠠᠭᠤᠴᠢᠨ ᠢ ᠨᠤᠷᠠᠭᠠᠨ ᠲᠥᠪᠬᠢᠨᠡᠭᠦᠯᠬᠦ ᠲᠥᠰᠦᠯ      ᠭᠠᠵᠠᠷ ᠰᠢᠷᠣᠢ ᠶᠢ ᠬᠤᠯᠪᠣᠯᠳᠤᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠲᠤ ᠬᠡᠷᠡᠭᠯᠡᠬᠦ ᠭᠠᠵᠠᠷ ᠤᠨ ᠪᠦᠲᠦᠴᠡ ᠶᠢ ᠵᠠᠳᠠᠯᠵᠤ ᠬᠠᠭᠤᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠤᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠵᠠᠷᠴᠢᠮ    ︵ᠨᠢᠭᠡ  ︶ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠵᠦᠶ ᠵᠣᠬᠢᠰᠲᠠᠶ ᠪᠠᠶᠢᠷᠢᠯᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠭᠠᠵᠠᠷ ᠬᠡᠷᠡᠭᠯᠡᠬᠦ ᠪᠦᠲᠦᠴᠡ ᠪᠠ ᠪᠠᠶᠢᠷᠢᠰᠢᠯ ᠢ ᠰᠢᠯᠢᠳᠡᠭᠵᠢᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃     ︵ᠬᠤᠶᠠᠷ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠤᠷᠢᠳᠠᠪᠠᠷ ᠬᠢᠯᠪᠠᠷ ᠢ ᠳᠠᠷᠠᠭ᠎ᠠ ᠨᠢ ᠬᠦᠴᠢᠷᠲᠡᠶ ᠶᠢ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠳᠠᠩ ᠨᠤᠷᠠᠭᠠᠯᠲᠠ ᠶᠢ ᠪᠦᠬᠦᠯᠢ ᠪᠠᠷ ᠪᠠᠶᠢᠭᠤᠯᠤᠨ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠵᠦ᠂ ᠭᠤᠤᠯᠳᠠᠯᠭ᠎ᠠ ᠶᠢ ᠳᠣᠪᠤᠶᠢᠯᠭᠠᠨ᠂ ᠠᠯᠬᠤᠮ ᠬᠤᠪᠢᠶᠠᠨ ᠬᠡᠷᠡᠭᠵᠢᠭᠦᠯᠬᠦ ᠬᠡᠷᠡᠭᠲᠡᠶ᠃     ︵ᠭᠤᠷᠪᠠ︶ ᠬᠠᠤᠯᠢ ᠲᠣᠭᠲᠠᠭᠠᠯ ᠶᠣᠰᠣᠭᠠᠷ᠂ ᠲᠥᠪ ᠭᠤᠤᠯᠴᠢ ᠵᠦᠶ ᠵᠣᠬᠢᠰᠲᠠᠶ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠤᠷ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠤᠷᠤᠬᠳᠠᠯ ᠬᠠᠭᠤᠴᠢᠨ ᠢ ᠨᠤᠷᠠᠭᠠᠨ ᠲᠥᠪᠬᠢᠨᠡᠭᠦᠯᠬᠦ ᠠᠵᠢᠯ ᠢ ᠬᠠᠤᠯᠢ ᠶᠣᠰᠣᠭᠠᠷ ᠬᠡᠷᠡᠭᠵᠢᠭᠦᠯᠵᠦ᠂ ᠲᠠᠷᠢᠶᠠᠴᠢᠳ ᠤᠨ ᠦᠢᠯᠡᠳᠪᠦᠷᠢᠯᠡᠯ᠂ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠲᠣᠰᠬᠤᠨ ᠤ ᠬᠠᠮᠲᠤ ᠨᠡᠶᠢᠲᠡ ᠪᠠ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠬᠤᠶᠠᠷ᠂ ᠲᠥᠪᠬᠢᠨᠡᠭᠦᠯᠬᠦ ᠠᠷᠭ᠎ᠠ ᠮᠠᠶ᠋ᠢᠭ      ᠲᠥᠪᠯᠡᠷᠡᠭᠦᠯᠦᠨ ᠲᠥᠪᠬᠢᠨᠡᠭᠦᠯᠬᠦ ᠪᠠ ᠲᠥᠯᠥᠪᠦᠷᠢ ᠥᠭᠴᠦ ᠲᠥᠪᠬᠢᠨᠡᠭᠦᠯᠬᠦ ᠬᠠᠷᠢᠯᠴᠠᠨ ᠤᠶᠠᠯᠳᠤᠭᠤᠯᠤᠭᠰᠠᠨ ᠲᠥᠪᠬᠢᠨᠡᠭᠦᠯᠬᠦ ᠠᠷᠭ᠎ᠠ ᠶᠢ ᠠᠪᠬᠤ ᠬᠡᠷᠡᠭᠲᠡᠶ᠃ ᠲᠥᠪᠯᠡᠷᠡᠭᠦᠯᠦᠨ ᠲᠥᠪᠬᠢᠨᠡᠭᠦᠯᠬᠦ ᠳᠤ ᠭᠤᠤᠯ ᠪᠠᠯᠭᠠᠰᠤ ᠲᠠᠢ ᠣᠶᠢᠷᠠᠳᠬᠤ᠂ ᠵᠢᠵᠢᠭ ᠰᠠᠵᠢᠭ ᠭᠠᠵᠠᠷ ᠲᠠᠢ ᠣᠶᠢᠷᠠᠳᠬᠤ ᠵᠠᠷᠴᠢᠮ ᠶᠣᠰᠣᠭᠠᠷ ᠨᠢᠭᠡᠳᠦᠯᠲᠡᠶ ᠪᠦᠲᠦᠭᠡᠨ ᠪᠠᠶᠢᠭᠤᠯᠵᠤ᠂ ᠨᠢᠭᠡᠳᠦᠯᠲᠡᠶ ᠬᠤᠪᠢᠶᠠᠷᠢᠯᠠᠬᠤ ᠬᠡᠷᠡᠭᠲᠡᠶ᠃ ᠨᠥᠬᠦᠪᠥᠷᠢ ᠥᠭᠴᠦ ᠲᠥᠪᠬᠢᠨᠡᠭᠦᠯᠬᠦ ᠲᠤ ᠨᠥᠬᠦᠪᠥᠷᠢ ᠥᠭᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃      ᠲᠥᠪᠯᠡᠷᠡᠭᠦᠯᠦᠨ ᠲᠥᠪᠬᠢᠨᠡᠭᠦᠯᠬᠦ ᠭᠡᠳᠡᠭ ᠨᠢ ᠲᠠᠷᠢᠶᠠᠴᠢᠨ ᠡᠷᠦᠬᠡ ᠤᠯᠤᠰ ᠤᠨ ᠣᠨᠳᠣᠤ ᠭᠠᠵᠠᠷ ᠨᠡᠭᠦᠯᠭᠡᠬᠦ ᠲᠥᠷᠦ ᠶᠢᠨ ᠪᠣᠳᠣᠯᠭ᠎ᠠ ᠶᠢ ᠬᠦᠷᠲᠡᠵᠦ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠭᠰᠠᠨ ᠰᠢᠨ᠎ᠡ ᠲᠣᠰᠬᠤᠨ ᠳᠤ ᠨᠡᠭᠦᠯᠭᠡᠬᠦ᠂ ᠡᠰᠡᠬᠦᠯ᠎ᠡ ᠤᠶᠢᠷ᠎ᠠ ᠬᠠᠪᠢ ᠳᠤᠨᠢ ᠲᠤᠬᠠᠶ ᠶᠢᠨ ᠭᠠᠵᠠᠷ ᠤᠨ ᠵᠠᠰᠠᠭ ᠵᠠᠬᠢᠷᠭᠠᠨ ᠤ ᠲᠣᠰᠬᠤᠨ ᠪᠤᠶᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠶᠠᠷ ᠨᠡᠯᠢᠶᠡᠳ ᠰᠠᠶᠢᠨ ᠠᠶᠢᠯ ᠲᠣᠰᠬᠤᠨ ᠳᠤ ᠨᠡᠭᠦᠯᠭᠡᠬᠦ ᠶᠢ ᠵᠢᠭᠠᠵᠤ ᠪᠠᠶᠢᠨ᠎ᠠ᠃      ᠲᠥᠯᠥᠪᠦᠷᠢ ᠥᠭᠴᠦ ᠲᠥᠪᠬᠢᠨᠡᠭᠦᠯᠬᠦ ᠭᠡᠳᠡᠭ ᠨᠢ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠶᠢ ᠬᠦᠷᠲᠡᠬᠦ ᠶᠣᠰᠣᠲᠠᠶ ᠲᠠᠷᠢᠶᠠᠴᠢᠨ ᠡᠷᠦᠬᠡ ᠶᠢ ᠵᠢᠭᠠᠵᠤ ᠪᠠᠶᠢᠨ᠎ᠠ᠂ ᠭᠡᠪᠡᠴᠦ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠬᠠᠶᠠᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠳᠠᠬᠢᠵᠤ ᠭᠤᠶᠤᠴᠢᠯᠠᠬᠤ ᠦᠭᠡᠢ᠂ ᠵᠠᠰᠠᠭ ᠤᠨ ᠣᠷᠳᠣᠨ ᠠᠴᠠ ᠨᠢᠭᠡ ᠯᠡ ᠤᠳᠠᠭ᠎ᠠ ᠶᠢᠨ ᠴᠢᠨᠠᠷᠲᠠᠶ ᠵᠣᠭᠤᠰ ᠤᠨ ᠨᠥᠬᠦᠪᠥᠷᠢ ᠥᠭᠭᠦᠨ᠎ᠡ᠃ ᠤᠯᠤᠰ ᠤᠨ ᠣᠨᠳᠣᠤ ᠭᠠᠵᠠᠷ ᠲᠤ ᠨᠡᠭᠦᠯᠭᠡᠬᠦ ᠵᠢᠴᠢ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠬᠦᠷᠲᠡᠭᠰᠡᠨ ᠲᠠᠷᠢᠶᠠᠯᠠᠬᠤ ᠡᠷᠦᠬᠡ ᠵᠣᠭᠤᠰ ᠢᠶᠠᠷ ᠨᠥᠬᠦᠪᠥᠷᠢᠯᠡᠵᠦ ᠲᠥᠪᠬᠢᠨᠡᠭᠦᠯᠬᠦ ᠢ ᠬᠦᠷᠲᠡᠬᠦ ᠦᠭᠡᠢ᠃      ᠣᠷᠣᠨ ᠰᠠᠭᠤᠴᠠ ᠦᠭᠡᠢ ᠮᠥᠷᠲᠡᠭᠡᠨ ᠤᠯᠤᠰ ᠤᠨ ᠣᠨᠳᠣᠤ ᠭᠠᠵᠠᠷ ᠨᠡᠭᠦᠯᠭᠡᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ ᠦᠭᠡᠢ᠂ ᠭᠠᠴᠠᠭᠠᠨ ᠳᠠᠭᠠᠨ ᠪᠤᠴᠠᠵᠤ ᠣᠷᠣᠨ ᠰᠠᠭᠤᠴᠠ ᠭᠤᠶᠤᠴᠢᠯᠠᠭᠰᠠᠨ ᠲᠠᠷᠢᠶᠠᠴᠢᠨ ᠡᠷᠦᠬᠡ ᠳᠤ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠭᠠᠵᠠᠷ ᠲᠣᠬᠢᠷᠠᠭᠤᠯᠵᠤ ᠥᠭᠭᠦᠨ᠎ᠡ᠃      ᠭᠤᠷᠪᠠ᠂ ᠨᠥᠬᠦᠪᠥᠷᠢᠯᠡᠬᠦ ᠠᠷᠭ᠎ᠠ      ᠲᠥᠷᠥᠯ ᠵᠦᠢᠯ ᠢᠶᠠᠷ ᠨᠤᠷᠠᠭᠠᠵᠤ ᠬᠠᠭᠤᠴᠢᠨ ᠲᠣᠭᠤᠷᠢᠭ ᠤᠨ ᠲᠠᠷᠢᠶᠠᠴᠢᠳ ᠢ ᠨᠡᠭᠦᠯᠭᠡᠨ ᠲᠥᠪᠬᠢᠨᠡᠭᠦᠯᠬᠦ ᠠᠷᠭ᠎ᠠ ᠮᠠᠶ᠋ᠢᠭ ᠨᠢ ᠭᠤᠤᠯᠳᠠᠭᠤ ᠲᠥᠪᠯᠡᠷᠡᠭᠦᠯᠦᠨ ᠲᠥᠪᠬᠢᠨᠡᠭᠦᠯᠵᠦ ᠪᠠᠶᠢᠭ᠎ᠠ ᠲᠠᠷᠢᠶᠠᠴᠢᠳ ᠤᠨ ᠤᠶᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ ᠵᠣᠬᠢᠬᠤ ᠬᠡᠪᠴᠢᠶ᠎ᠡ ᠲᠠᠢ ᠪᠠᠶᠢᠯᠭᠠᠵᠤ᠂ ︽ᠭᠤᠷᠪᠠ ᠶᠢ ᠣᠶᠢᠷᠠᠲᠤᠭᠤᠯᠬᠤ︾ ᠵᠠᠷᠴᠢᠮ ︵ᠭᠤᠤᠯ ᠲᠣᠰᠬᠤᠨ ᠲᠠᠢ ᠣᠶᠢᠷᠠᠲᠤᠭᠤᠯᠵᠤ᠂ ᠪᠠᠯᠭᠠᠰᠤ ᠲᠠᠢ ᠣᠶᠢᠷᠠᠲᠤᠭᠤᠯᠵᠤ᠂ ᠬᠤᠲᠠ ᠶᠢᠨ ᠲᠣᠭᠤᠷᠢᠭ ᠲᠠᠢ ᠣᠶᠢᠷᠠᠲᠤᠭᠤᠯᠵᠤ︶ ᠢ ᠬᠡᠷᠡᠭᠵᠢᠭᠦᠯᠬᠦ ᠬᠡᠷᠡᠭᠲᠡᠶ᠃ ᠮᠠᠨ ᠤ ᠬᠤᠲᠠ ᠨᠡᠭᠦᠯᠭᠡᠬᠦ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠢᠴᠡᠳ ᠬᠦᠨᠳᠦᠳᠬᠡᠵᠦ᠂ ︽ᠨᠠᠷᠢᠨ ᠣᠨᠣᠪᠴᠢᠲᠠᠶ ᠪᠠᠷ ᠶᠠᠳᠠᠭᠤ ᠶᠢ ᠲᠡᠳᠬᠦᠵᠦ ᠣᠨᠳᠣᠤ ᠭᠠᠵᠠᠷ ᠨᠡᠭᠦᠯᠭᠡᠬᠦ︾ ᠢᠨᠵᠧᠨᠧᠷᠢᠩ ᠪᠠ ︽ᠵᠢᠵᠢᠭ ᠲᠣᠰᠬᠤᠨ ᠢ ᠨᠡᠶᠢᠯᠡᠭᠦᠯᠬᠦ︾ ᠢᠨᠵᠧᠨᠧᠷᠢᠩ ᠲᠠᠢ ᠤᠶᠠᠯᠳᠤᠭᠤᠯᠤᠨ᠂ ᠣᠷᠴᠢᠨ ᠲᠣᠭᠤᠷᠢᠨ ᠤ ᠨᠥᠬᠦᠴᠡᠯ ᠢᠶᠠᠷ ᠨᠡᠯᠢᠶᠡᠳ ᠰᠠᠶᠢᠨ ᠮᠥᠷᠲᠡᠭᠡᠨ ᠵᠠᠮ ᠬᠠᠷᠢᠯᠴᠠᠭᠠᠨ ᠤ ᠨᠥᠬᠦᠴᠡᠯ ᠪᠠ ᠰᠠᠭᠤᠷᠢ ᠪᠡᠯᠡᠳᠬᠡᠮᠵᠢ ᠨᠡᠯᠢᠶᠡᠳ ᠪᠦᠷᠢᠨ ᠲᠡᠭᠦᠯᠳᠡᠷ ᠪᠤᠰᠤᠳ ᠲᠣᠰᠬᠤᠨ ᠪᠤᠶᠤ ᠭᠠᠵᠠᠷ ᠣᠷᠣᠨ ᠳᠤ ᠨᠢᠭᠡᠳᠦᠯᠲᠡᠶ ᠲᠥᠪᠯᠡᠷᠡᠭᠦᠯᠦᠨ ᠲᠥᠪᠬᠢᠨᠡᠭᠦᠯᠬᠦ ᠬᠡᠷᠡᠭᠲᠡᠶ᠃ ᠨᠢᠭᠡᠨᠲᠡ ᠨᠡᠭᠦᠯᠭᠡᠨ ᠲᠥᠪᠬᠢᠨᠡᠭᠰᠡᠨ ᠲᠠᠷᠢᠶᠠᠴᠢᠳ ᠲᠤ ᠲᠥᠯᠥᠪᠦᠷᠢ ᠥᠭᠬᠦ ᠦᠭᠡᠢ᠃      ᠣᠨᠳᠣᠤ ᠭᠠᠵᠠᠷ ᠲᠤ ᠨᠡᠬᠦᠬᠦ ᠳᠤᠷ᠎ᠠ ᠦᠭᠡᠢ ᠲᠠᠷᠢᠶᠠᠴᠢᠳ ᠢ ᠵᠣᠭᠤᠰ ᠢᠶᠠᠷ ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠲᠥᠪᠬᠢᠨᠡᠭᠦᠯᠦᠨ᠎ᠡ᠃ ᠲᠥᠪᠬᠢᠨᠡᠭᠦᠯᠬᠦ ᠪᠠᠷᠢᠮᠵᠢᠶ᠎ᠠ ᠶᠢ ᠲᠥᠷᠥᠯ ᠵᠦᠢᠯ ᠤᠨ ᠲᠣᠭᠤᠷᠢᠭ ᠤᠨ ᠭᠡᠷ ᠪᠠᠷᠢᠬᠤ ᠪᠠᠷᠢᠮᠵᠢᠶ᠎ᠠ ᠶᠣᠰᠣᠭᠠᠷ᠂ ᠬᠠᠮᠢᠶ᠎ᠠ ᠪᠦᠬᠦᠢ ᠬᠢᠷᠢ ᠭᠡᠮ ᠲᠠᠢ ᠦᠨᠡᠯᠡᠨ ᠵᠢᠱᠢᠬᠦ ᠪᠠᠶᠢᠭᠤᠯᠤᠮᠵᠢ ᠶᠢ ᠤᠷᠢᠵᠤ ᠬᠠᠭᠤᠴᠢᠨ ᠣᠷᠣᠨ ᠤ ᠳᠣᠲᠣᠷᠠᠬᠢ ᠲᠠᠷᠢᠶᠠᠴᠢᠳ ᠤᠨ ᠭᠡᠷ ᠪᠠᠶᠢᠰᠢᠩ᠂ ᠲᠠᠭᠠᠯᠳᠠ‌ᠡᠳ᠋ ᠪᠤᠳᠠᠰ ᠢ ᠨᠤᠷᠠᠭᠠᠵᠤ ᠦᠨᠡᠯᠡᠨ ᠵᠢᠱᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠵᠤ᠂ ᠵᠠᠷᠴᠢᠮ ᠳᠡᠭᠡᠷ᠎ᠡ ᠪᠠᠨ ︽ᠨᠢᠭᠡ ᠲᠣᠰᠬᠤᠨ ᠨᠢᠭᠡ ᠵᠦᠪᠯᠡᠯᠭᠡ᠂ ᠨᠢᠭᠡ ᠡᠷᠦᠬᠡ ᠨᠢᠬᠡ ᠪᠣᠳᠣᠯᠭ᠎ᠠ︾ ᠶᠢ ᠪᠡᠶᠡᠯᠡᠭᠦᠯᠵᠦ ᠂ ᠬᠠᠭᠤᠴᠢᠨ ᠲᠣᠭᠤᠷᠢᠭ ᠤᠨ ᠲᠠᠷᠢᠶᠠᠴᠢᠳ ᠢ ᠲᠣᠬᠢᠲᠠᠶ ᠲᠥᠪᠬᠢᠨᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃                        ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3