ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2019 ᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-08-29
ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠬᠡᠯᠲᠡᠰ᠂ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠵᠦᠪᠯᠡᠯ᠂ ᠠᠯᠪᠠᠨ ᠭᠡᠷ᠂ ᠲᠣᠪᠴᠢᠶ᠎ᠠ ᠪᠠ ᠡᠯ᠎ᠡ ᠠᠷᠠᠳ ᠤᠨ ᠪᠦᠯᠬᠦᠮ᠂ ᠵᠤᠷᠪᠤᠰᠯᠠᠨ ᠬᠠᠮᠢᠶᠠᠷᠬᠤ ᠪᠠ ᠹᠧᠩᠵᠧᠨ ᠳᠤ ᠰᠠᠭᠤᠭ᠎ᠠ ᠪᠠᠶᠢᠭᠤᠯᠭ᠎ᠠ᠂ ᠡᠯ᠎ᠡ ᠠᠵᠤ ᠠᠬᠤᠶᠢᠯᠠᠯ ᠳᠤ᠄      ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠤᠷᠲᠤ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ᠎ᠠ᠂ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠬᠤ᠂ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠬᠦ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ᠎ᠠ᠂ ︽ᠭᠡᠷᠡᠯ ᠭᠡᠭᠡ ᠶᠢᠨ ᠠᠶᠠᠯᠠᠯ︾ ᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠴᠢᠬᠤᠯᠠ ᠪᠠᠯᠠ ᠮᠥᠩᠭᠦ ᠶᠢᠨ ᠪᠠᠲᠤᠯᠠᠭ᠎ᠠ ᠪᠣᠯᠤᠨ᠎ᠠ᠃ 2018 ᠣᠨ ᠳᠤ ᠮᠠᠨ ᠤ ᠬᠤᠲᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠨᠢ ᠡᠯ᠎ᠡ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠢᠳᠡᠪᠬᠢᠲᠡᠢ ᠣᠷᠣᠯᠴᠠᠯᠭ᠎ᠠ ᠳᠣᠤᠷ᠎ᠠ᠂ ᠢᠯᠡᠳᠲᠡ ᠦᠷ᠎ᠡ ᠪᠦᠲᠦᠮᠵᠢ ᠣᠯᠪᠠ᠃ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠠᠴᠠ ᠬᠠᠶᠢᠷ᠎ᠠ ᠬᠠᠯᠠᠮᠵᠢ ᠬᠦᠷᠭᠡᠬᠦ᠂ ᠶᠠᠳᠠᠭᠤ ᠬᠦᠴᠢᠷᠳᠡᠯᠲᠡᠶ ᠲᠣᠮᠣ ᠡᠪᠡᠳᠴᠢᠲᠡᠨ ᠢ ᠠᠪᠤᠷᠠᠨ ᠲᠤᠰᠠᠯᠠᠬᠤ᠂ ᠤᠯᠠᠭᠠᠨ ᠵᠠᠭᠠᠯᠮᠠᠢᠲᠠᠨ ᠤ ᠲᠦᠭᠡᠮᠡᠯ ᠬᠠᠶᠢᠷ᠎ᠠ ᠶᠢᠨ ᠭᠡᠷ ᠣᠷᠣᠨ ᠵᠡᠷᠭᠡ ᠬᠦᠮᠦᠡᠯᠢᠭ ᠠᠪᠤᠷᠠᠨ ᠲᠤᠰᠠᠯᠠᠬᠤ ᠲᠥᠷᠥᠯ ᠵᠦᠢᠯ ᠪᠠ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂  ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃     ︽2019 ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ﹀ ᠤᠨ ᠠᠵᠢᠯᠯᠠᠭ᠎ᠠ ᠶᠢ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2019 ᠤᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ﹀ ᠤᠨ ᠠᠵᠢᠯᠯᠠᠭ᠎ᠠ ᠶᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠄      ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠬᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠵᠤ ᠬᠤᠪᠢᠷᠠᠭᠠᠳ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ  ᠰᠢᠢᠳᠪᠦᠷᠢᠯᠡᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠥᠷᠨᠢᠭᠦᠯᠬᠦ ᠨᠢ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠬᠠᠮᠲᠤ ᠪᠠᠷ ᠣᠷᠣᠯᠴᠠᠨ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠬᠡᠷᠡᠭᠴᠡᠭᠡ ᠶᠢ ᠰᠢᠢᠳᠪᠦᠷᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠣᠶᠤᠨ ᠤ ᠪᠣᠯᠪᠠᠰᠤᠨ ᠤ ᠪᠠᠶᠢᠭᠤᠯᠤᠯᠳᠠ ᠲᠠᠢ ᠤᠶᠠᠯᠳᠤᠭᠤᠯᠵᠤ᠂ 2019 ᠤᠨ  ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠰᠠᠶᠢᠲᠤᠷ ᠥᠷᠨᠢᠭᠦᠯᠬᠦ ᠬᠡᠷᠡᠭᠲᠡᠶ᠃      ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠤᠬᠠᠭᠤᠯᠭ᠎ᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ      ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠳ ᠪᠦᠬᠦ ᠨᠡᠶᠢᠭᠡᠮ ᠢᠶᠠᠷ ᠢᠶᠠᠨ ᠬᠥᠮᠦᠨ ᠪᠦᠬᠦᠨ ᠨᠡᠶᠢᠲᠡ ᠶᠢᠨ ᠠᠰᠠᠷᠠᠮᠵᠢ ᠶᠢᠨ  ᠦᠢᠯᠡᠰ ᠲᠤ ᠤᠷᠤᠯᠴᠠᠬᠤ ᠪᠠ ᠠᠯᠢᠪᠠ ᠪᠠᠨ ᠵᠣᠷᠢᠭᠤᠯᠬᠤ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ᠠᠵᠢᠯᠯᠠᠭ᠎ᠠ ᠳᠤᠮᠳᠠᠬᠢ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠶᠡᠬᠡᠪᠡᠷ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠥᠨ ᠵᠢᠯᠣᠭᠤᠳᠬᠤ ᠬᠡᠷᠡᠭᠲᠡᠶ᠃ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠠᠮ ᠦᠭᠡᠢ ᠵᠣᠷᠢᠭᠤᠯᠬᠤ ᠦᠢᠯᠡ ᠠᠵᠢᠯᠯᠠᠭ᠎ᠠ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠨᠡᠶᠢᠭᠡᠮ ᠨᠡᠶᠢᠲᠡ ᠶᠢᠨ ᠠᠰᠠᠷᠠᠮᠵᠢ ᠶᠢᠨ ᠲᠥᠷᠥᠯ ᠲᠡᠮᠳᠡᠭ ᠪᠣᠯᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠭᠢᠯᠠᠰ ᠴᠡᠭ ᠪᠣᠯᠭᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠠᠵᠢᠯᠯᠠᠭ᠎ᠠ ᠶᠢ ᠤᠬᠠᠭᠤᠯᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠬᠠᠮᠢᠶ᠎ᠠ ᠪᠦᠬᠦᠢ ᠵᠠᠷᠤᠳᠠᠯ ᠢ ᠬᠦᠩᠭᠡᠷᠡᠭᠦᠯᠬᠦ ᠬᠡᠷᠡᠭᠲᠡᠶ᠃      ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠪᠠᠯᠠ ᠮᠥᠩᠭᠦ ᠶᠢ ᠦᠨᠡᠨᠬᠦ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ      ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠳ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠤᠬᠢᠷᠠᠭᠤᠯᠤᠨ ᠬᠡᠷᠡᠭᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ 20 % ᠶᠢᠨ ᠪᠠᠯᠠ ᠮᠥᠩᠭᠦ ᠶᠢ ᠭᠠᠮᠰᠢᠭ ᠲᠤ ᠪᠡᠯᠡᠳᠬᠡᠬᠦ ᠨᠥᠭᠡᠴᠡ ᠮᠥᠩᠭᠦ ᠳᠤ ᠬᠡᠷᠡᠭᠯᠡᠵᠦ᠂ 30 % ᠶᠢᠨ ᠪᠠᠯᠠ ᠮᠥᠩᠭᠦ ᠶᠢ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ ᠮᠢᠩᠭ᠎ᠠ ᠲᠦᠮᠡᠨ ᠡᠷᠦᠬᠡ ᠶᠢ ᠳᠤᠯᠠᠭᠠᠯᠠᠬᠤ︾ ᠵᠡᠷᠭᠡ ᠨᠡᠷᠡᠲᠦ ᠲᠥᠷᠥᠯ ᠲᠡᠮᠳᠡᠭᠲᠦ ᠶᠢᠨ ᠠᠪᠤᠷᠠᠨ ᠲᠤᠰᠠᠯᠠᠬᠤ ᠲᠥᠷᠥᠯ ᠵᠦᠢᠯ ᠳᠤ ᠬᠡᠷᠡᠭᠯᠡᠵᠦ᠂ 50 % ᠶᠢᠨ ᠪᠠᠯᠠ ᠮᠥᠩᠭᠦ ᠶᠢ ᠪᠥᠬᠦ ᠣᠷᠣᠨ ᠤ ᠨᠢᠭᠡᠳᠦᠯᠲᠡᠶ ᠪᠠᠶᠢᠷᠢᠯᠠᠭᠤᠯᠤᠭᠰᠠᠨ ᠬᠥᠮᠥᠡᠯᠢᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠨ᠎ᠡ᠃ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠵᠣᠭᠤᠰ ᠮᠥᠩᠭᠦ ᠶᠢ ᠬᠦᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠶᠢ ᠰᠠᠶᠢᠲᠤᠷ ᠬᠢᠬᠦ ᠬᠡᠷᠡᠭᠲᠡᠶ᠃ ᠳᠣᠲᠣᠭᠠᠳᠤ ᠶᠢᠨ ᠪᠡᠶ᠎ᠡ ᠪᠠᠨ ᠪᠠᠷᠢᠬᠤ ᠲᠣᠭᠲᠠᠴᠠ ᠶᠢ ᠴᠢᠩᠭᠠᠳᠬᠠᠵᠤ᠂ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠲᠤ ᠴᠠᠭ ᠲᠤᠬᠠᠶ ᠳᠤᠨᠢ ᠬᠤᠷᠢᠶᠠᠨ ᠠᠪᠴᠤ ᠬᠡᠷᠡᠭᠯᠡᠭᠰᠡᠨ ᠪᠠᠶᠢᠳᠠᠯ ᠢ ᠨᠡᠶᠢᠲᠡᠯᠡᠵᠦ᠂ ᠬᠠᠨᠳᠢᠪᠯᠠᠨ ᠬᠦᠷᠭᠡᠭᠴᠢᠳ ᠢ ᠰᠠᠨᠠᠭ᠎ᠠ ᠠᠮᠤᠷ ᠪᠠᠶᠢᠯᠭᠠᠵᠤ᠂ ᠲᠤᠰᠠᠯᠠᠮᠵᠢ ᠬᠦᠷᠲᠡᠭᠰᠡᠳ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ᠃ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠂ ᠪᠡᠯᠡ ᠮᠥᠩᠭᠦ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠨ ᠣᠯᠠᠨ ᠵᠦᠢᠯ ᠤᠨ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠬᠠᠮᠤᠭ ᠠᠴᠠ ᠠᠪᠤᠷᠠᠨ ᠲᠤᠰᠠᠯᠠᠬᠤ ᠴᠢᠬᠤᠯᠠᠲᠠᠶ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠨ᠂ ᠪᠤᠶᠠᠨ ᠤ ᠵᠣᠭᠤᠰ ᠢ ᠰᠠᠶᠢᠲᠤᠷ ᠬᠡᠷᠡᠭᠯᠡᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ ᠤᠳ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠪᠤᠶᠠᠨ ᠤ ᠵᠣᠭᠤᠰ ᠢ ᠬᠦᠯᠢᠶᠡᠨ ᠠᠪᠴᠤ ᠬᠠᠮᠢᠶᠠᠷᠴᠤ ᠪᠠᠶᠢᠭ᠎ᠠ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠵᠦᠢᠯ ᠢᠶᠠᠷ ᠬᠢᠨᠠᠨ ᠪᠣᠳᠣᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠨᠡᠶᠢᠲᠡ ᠳᠤ ᠢᠲᠡᠭᠡᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠮᠠᠨ ᠤ ᠬᠤᠲᠠ ᠶᠢᠨ 2019 ᠤᠨ ᠤ  ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ 9 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠶᠢᠨ ︵ᠰᠢᠰᠲ᠋ᠧᠮᠵᠢᠭᠦᠯᠦᠨ ᠬᠠᠮᠢᠶᠠᠷᠬᠤ ᠨᠢᠭᠡᠴᠡ ᠪᠠᠭᠲᠠᠨ᠎ᠠ︶  ᠲᠤᠰᠠᠯᠠᠬᠰᠠᠨ ᠵᠤᠭᠤᠰ ᠢ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠳᠤ ᠨᠢᠭᠡᠳᠦᠯᠲᠡᠶ ᠲᠤᠰᠢᠶᠠᠬᠤ ᠬᠡᠷᠡᠭᠲᠡᠶ᠃      ᠳᠠᠩᠰᠠ ᠪᠠᠶᠢᠭᠤᠯᠤᠭᠰᠠᠨ ᠪᠠᠶᠢᠭᠤᠯᠭ᠎ᠠ᠄ ᠹᠧᠩᠵᠧᠨ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ      ᠳᠠᠩᠰᠠ ᠨᠡᠭᠡᠭᠡᠭᠰᠡᠨ ᠪᠠᠩᠬᠢ᠄ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠹᠧᠩᠵᠧᠨ ᠤ ᠰᠠᠯᠪᠤᠷᠢ ᠪᠠᠩᠬᠢ      ᠵᠤᠭᠤᠰ ᠲᠤᠰᠠᠯᠠᠬᠤ  ᠲᠤᠰᠬᠠᠶ ᠡᠷᠦᠬᠡ ᠶᠢᠨ ᠳᠠᠩᠰᠠᠨ ᠤ ᠨᠣᠮᠧᠷ᠄  0611070909226432727      ᠬᠠᠷᠢᠯᠴᠠᠬᠤ ᠬᠥᠮᠦᠨ᠄     ᠯᠢᠦ ᠢᠦᠶ ᠴᠢᠶᠠᠨ   ᠵᠠᠩ ᠵᠢᠶᠧ     ᠬᠠᠷᠢᠯᠴᠠᠬᠤ ᠤᠲᠠᠰᠤ᠄ 0474 — 3265738    13947476953     ᠬᠠᠶ᠋ᠢᠭ᠄ ᠹᠧᠩᠵᠧᠨ ᠬᠤᠲᠠ ᠶᠢᠨ ᠰᠢᠨ᠎ᠡ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 4 ᠳ᠋ᠦ᠋ᠭᠡᠷ ᠠᠰᠠᠷ ᠡᠬᠦᠨ ᠤ ᠲᠤᠬᠠᠢ ᠮᠡᠳᠡᠭᠳᠡᠪᠡ                                         2019 ᠤᠨ 4 ᠰᠠᠷ᠎ᠠ ᠶᠢᠨ 12 ᠤᠨ ᠡᠳᠦᠷ   ᠵᠤᠭᠤᠰ ᠴᠤᠭᠯᠠᠭᠤᠯᠬᠤ ᠪᠠᠷᠢᠮᠵᠢᠶ᠎ᠠ᠄ ᠡᠯ᠎ᠡ ᠰᠠᠯᠠᠭ᠎ᠠ ᠮᠥᠴᠢᠷ ᠤᠨ ᠵᠤᠭᠤᠰ ᠴᠤᠭᠯᠠᠭᠤᠯᠬᠤ ᠶᠢ ᠬᠦᠢᠴᠡᠳᠭᠡᠭᠦ ᠪᠠᠷᠢᠮᠵᠢᠶ᠎ᠠ ᠶᠢ ᠡᠩ ᠤᠨ ᠺᠠᠳ᠋ᠷ ᠠᠵᠢᠯᠲᠠᠨ ᠠᠵᠢᠯᠴᠢᠨ 100 ᠲᠥᠭᠦᠷᠢᠭ︔ ᠳᠡᠳ᠋ ᠰᠠᠯᠠᠭᠠᠨ ᠤ ᠲᠡᠰ ᠤᠨ ᠴᠠᠯᠢᠩ ᠤᠨ ᠬᠠᠷᠠᠭᠠᠯᠵᠠᠯ ᠲᠠᠢ ᠺᠠᠳ᠋ᠷ 150 ᠲᠥᠭᠦᠷᠢᠭ︔ ᠵᠢᠩᠬᠢᠨᠢ ᠰᠠᠯᠠᠭᠠᠨ ᠤ ᠲᠡᠰ ᠤᠨ ᠴᠠᠯᠢᠩ ᠤᠨ ᠬᠠᠷᠠᠭᠠᠯᠵᠠᠯ ᠲᠠᠢ ᠺᠠᠳ᠋ᠷ 200 ᠲᠥᠭᠦᠷᠢᠭ︔ ᠳᠡᠳ᠋ ᠰᠠᠶᠢᠳ ᠤᠨ ᠴᠠᠯᠢᠩ ᠤᠨ ᠬᠠᠷᠠᠭᠠᠯᠵᠠᠯ ᠤᠨ ᠺᠠᠳ᠋ᠷ 260 ᠲᠥᠭᠦᠷᠢᠭ︔ ᠵᠢᠩᠬᠢᠨᠢᠴᠢᠯᠡᠭᠰᠡᠨ ᠺᠠᠳ᠋ᠷ ᠤᠨ ᠴᠠᠯᠢᠩ ᠤᠨ ᠬᠠᠷᠠᠭᠠᠯᠵᠠᠯ ᠬᠦᠷᠲᠡᠵᠦ ᠪᠠᠶᠢᠭ᠎ᠠ ᠺᠠᠳ᠋ᠷ 300 ᠲᠥᠭᠦᠷᠢᠭ ᠶᠤᠰᠤᠭᠠᠷ ᠶᠠᠪᠤᠬᠳᠠᠭᠤᠯᠤᠨ᠎ᠠ᠃ ︵ᠠᠵᠢᠯ ᠦᠢᠯᠡᠰ ᠤᠨ ᠪᠠᠶᠢᠭᠤᠯᠭ᠎ᠠ ᠶᠢᠨ ᠠᠵᠢᠯᠲᠠᠨ ᠲᠤᠰ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠂ ᠵᠢᠱᠢᠶᠡᠯᠡᠪᠡᠯ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠨᠢ ᠳᠡᠳ᠋ ᠰᠠᠯᠠᠭᠠᠨ ᠤ ᠲᠡᠰ ᠲᠠᠢ ᠲᠡᠩᠴᠡᠵᠦ᠂ ᠪᠠᠷᠢᠮᠵᠢᠶ᠎ᠠ ᠨᠢ 150 ᠲᠥᠭᠦᠷᠢᠭ ᠪᠣᠯᠤᠨ᠎ᠠ︶᠃                                ᠤᠷᠴᠢᠭᠤᠯᠤᠬᠴᠢ  ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3