ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | ︽ᠹᠧᠩᠵᠧᠨ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯ | ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠬᠤᠲᠠ ᠶᠢᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠡᠭᠦᠨ ᠤ ᠲᠤᠬᠠᠢ ᠮᠡᠳᠡᠭᠳᠡᠪᠡ | 2019 ᠤᠨ 6 ᠰᠠᠷ᠎ᠠ ᠶᠢᠨ 3 ᠤ ᠡᠳᠦᠷ | ᠹᠧᠩᠵᠧᠨ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ | ᠨᠠᠰᠤᠵᠢᠯ ᠤᠨ ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠢ ᠴᠢᠩᠭᠠᠳᠬᠠᠬᠤ ᠲᠤᠬᠠᠶ ᠲᠡᠭᠡᠳᠤ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ︽ᠠᠶᠤᠯ ᠥᠬᠡᠶ | ᠦᠢᠯᠡᠳᠪᠦᠷᠢᠯᠡᠯ ᠳᠤ ᠪᠠᠭ᠎ᠠ ᠤᠴᠢᠷ ᠬᠡᠵᠦ ᠪᠠᠶᠢᠬᠤ ᠥᠬᠡᠶ︾ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠠᠶᠤᠯ | ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠠᠰᠤᠵᠢᠯ ᠤᠨ | ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ | ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠪᠠᠶᠢᠭᠤᠯᠤᠯ ᠢ ᠪᠦᠷᠢᠨᠰᠢᠭᠦᠯᠵᠦ᠂ ᠨᠠᠰᠤᠵᠢᠯ ᠤᠨ ᠪᠠᠶᠢᠭᠤᠯᠤᠮᠵᠢ ᠶᠢᠨ | ᠠᠶᠤᠯ ᠥᠬᠡᠶ ᠦᠢᠯᠡᠳᠪᠦᠷᠢᠯᠡᠯ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠮᠠᠨ ᠤ ᠬᠤᠲᠠ ᠶᠢᠨ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ᠂ | ᠭᠤᠤᠯ ᠨᠠᠰᠤᠲᠠᠨ ᠠᠰᠠᠷᠠᠬᠤ ᠬᠦᠷᠢᠶᠡᠯᠡᠩ᠂ ᠢᠷᠠᠭᠤ ᠠᠯᠳᠠᠷᠲᠤ ᠬᠦᠷᠢᠶᠡᠯᠡᠩ᠂ ᠠᠷᠠᠳ ᠠᠴᠠ ᠡᠵᠡᠩᠨᠡᠭᠰᠡᠨ | ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠬᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ | ᠰᠡᠷᠭᠡᠶᠢᠯᠡᠨ ᠬᠤᠷᠢᠭᠯᠠᠵᠤ᠂ ᠨᠠᠰᠤᠲᠠᠶᠢᠴᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃ | ᠨᠢᠭᠡ᠂ ᠴᠡᠭᠴᠡᠯᠡᠨ ᠵᠠᠰᠠᠬᠤ ᠬᠠᠷᠠᠯᠲᠠ | ᠮᠠᠨ ᠤ ᠬᠤᠲᠠ ᠶᠢᠨ ᠠᠯᠢᠪᠠ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠡᠳᠦᠷ ᠤᠨ | ᠠᠰᠠᠷᠠᠨ ᠬᠠᠷᠠᠭᠠᠯᠵᠠᠬᠤ ᠲᠥᠪ᠂ ᠨᠠᠰᠤᠲᠠᠨ ᠢ ᠠᠰᠠᠷᠠᠬᠤ ᠲᠥᠪ᠂ ᠢᠷᠠᠭᠤ ᠠᠯᠳᠠᠷ ᠤᠨ ᠬᠦᠷᠢᠶᠡᠯᠡᠩ᠂ ᠠᠷᠠᠳ ᠠᠴᠠ | ᠡᠵᠡᠩᠨᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠴᠡᠭᠴᠡᠯᠡᠨ | ᠵᠠᠰᠠᠬᠤ ᠪᠠᠷ ᠳᠠᠮᠵᠢᠭᠤᠯᠤᠨ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢ 100 | % ᠳᠤ ᠬᠦᠷᠦᠭᠦᠯᠵᠦ᠂ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ | ᠪᠦᠷᠢᠨ ᠪᠦᠷᠬᠦᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢᠨ ᠪᠣᠳᠠᠲᠤ ᠴᠣᠭᠴᠠ ᠶᠢᠨ | ᠴᠢᠳᠠᠮᠵᠢ ᠶᠢ ᠬᠡᠪ ᠤᠨ ᠶᠣᠰᠣᠭᠠᠷ ᠠᠵᠢᠯᠯᠠᠭᠤᠯᠵᠤ᠂ ᠬᠤᠭᠤᠯᠠᠨ ᠭᠡᠷ ᠤᠨ ᠡᠵᠡᠩᠨᠡᠯᠲᠡ ᠶᠢᠨ ᠵᠥᠪᠰᠢᠶᠡᠷᠡᠯ ᠢ | ᠪᠠᠷᠢᠮᠵᠢᠶ᠎ᠠ ᠳᠤ ᠬᠦᠷᠦᠭᠦᠯᠵᠦ᠂ ᠣᠷᠴᠢᠨ ᠲᠣᠭᠤᠷᠢᠨ ᠤ ᠠᠮᠤᠷ ᠲᠦᠪᠰᠢᠨ ᠢ ᠢᠯᠡᠳᠲᠡ ᠰᠠᠶᠢᠵᠢᠷᠠᠭᠤᠯᠵᠤ᠂ | ᠦᠢᠯᠡᠴᠢᠯᠡᠬᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶ᠎ᠠ ᠳᠤ ᠨᠡᠶᠢᠴᠡᠬᠦ ᠦᠭᠡᠢ ᠵᠢᠴᠢ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠭ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠤᠬᠰᠠᠨ ᠦᠭᠡᠢ ᠪᠣᠯ ᠡᠷᠡᠰ ᠬᠠᠭᠠᠵᠤ ᠵᠣᠭᠰᠣᠭᠠᠨ ᠬᠦᠴᠦᠨ ᠦᠭᠡᠢ ᠪᠣᠯᠭᠠᠵᠤ᠂ ᠪᠦᠬᠦ | ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠳᠠᠯ ᠢ | ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠪᠠᠲᠤᠯᠠᠨ᠎ᠠ᠃ | ᠬᠤᠶᠠᠷ᠂ ᠴᠡᠭᠴᠡᠯᠡᠨ ᠵᠠᠰᠠᠬᠤ ᠠᠭᠤᠯᠭ᠎ᠠ | ︽ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠴᠡᠭᠴᠡᠯᠡᠨ ᠵᠠᠰᠠᠬᠤ | ᠵᠦᠭᠯᠡᠭᠦᠷ︾᠂ ︽ᠥᠪᠡᠷᠲᠡᠭᠡᠨ ᠵᠠᠰᠠᠬᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢ ᠦᠨᠡᠯᠡᠨ ᠲᠣᠭᠲᠠᠭᠠᠬᠤ ᠨᠠᠷᠢᠨ ᠳᠦᠷᠢᠮ︾ ᠵᠡᠷᠭᠡ ᠲᠣᠭᠲᠠᠭᠠᠯ ᠢ | ᠦᠨᠳᠦᠰᠦᠯᠡᠨ᠂ ᠳᠣᠤᠷᠠᠬᠢ ᠠᠭᠤᠯᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠄ | ︵ᠨᠢᠭᠡ︶ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ᠃ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠳᠤ ᠬᠠᠷᠢᠶᠠᠯᠠᠭᠳᠠᠬᠤ ᠡᠰᠡᠬᠦ᠂ ᠵᠢᠷᠤᠭᠯᠠᠨ | ᠲᠥᠯᠥᠪᠯᠡᠭᠰᠡᠨ ᠬᠡᠷᠡᠭᠯᠡᠬᠦ ᠵᠢᠯ ᠬᠤᠭᠤᠴᠠᠭ᠎ᠠ ᠠᠴᠠ ᠬᠡᠲᠦᠷᠡᠭᠰᠡᠨ ᠡᠰᠡᠬᠦ᠂ ᠭᠤᠤᠯ ᠴᠣᠭᠴᠠ ᠶᠢᠨ ᠪᠦᠲᠦᠴᠡ ᠳᠤ | ᠶᠠᠰᠤ ᠴᠢᠨᠠᠷ ᠤᠨ ᠠᠰᠠᠭᠤᠳᠠᠯ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ᠂ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠨ᠎ᠠ᠃ | ︵ᠬᠤᠶᠠᠷ︶ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠠᠯᠳᠠ ᠭᠡᠮ᠃ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠨᠢ | ᠭᠠᠯ ᠤᠨᠲᠠᠷᠠᠭᠠᠬᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ | ᠲᠣᠬᠢᠷᠠᠭᠤᠯᠤᠭᠰᠠᠨ ᠨᠢ ᠪᠠᠷᠢᠮᠵᠢᠶ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠨᠢ ᠱᠠᠭᠠᠷᠳᠠᠯᠭ᠎ᠠ ᠳᠤ ᠬᠦᠷᠦᠭᠰᠡᠨ ᠡᠰᠡᠬᠦ᠂ ᠴᠠᠬᠢᠯᠭᠠᠨ ᠤ | ᠠᠶᠤᠯ ᠦᠭᠡᠢ ᠶᠢᠨ ᠴᠡᠭᠴᠡᠯᠡᠨ ᠵᠠᠰᠠᠭᠰᠠᠨ ᠨᠢ ᠱᠠᠭᠠᠷᠳᠠᠯᠭ᠎ᠠ ᠳᠤ ᠬᠦᠷᠦᠭᠰᠡᠨ ᠡᠰᠡᠬᠦ ᠶᠢ ᠪᠠᠶᠢᠴᠠᠭᠠᠨ᠎ᠠ᠃ | ︵ᠭᠤᠷᠪᠠ︶ ᠢᠳᠡᠭᠡᠨ ᠤᠮᠳᠠᠭᠠᠨ ᠤ ᠠᠮᠤᠷ ᠲᠦᠪᠰᠢᠨ ᠤ ᠳᠠᠯᠳᠠ ᠭᠡᠮ᠃ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠦᠭᠰᠡᠨ ᠡᠰᠡᠬᠦ᠂ ᠬᠤᠭᠤᠯᠠᠨ ᠭᠡᠷ ᠤᠨ ᠪᠡᠯᠡᠳᠬᠡᠮᠵᠢ ᠲᠥᠬᠦᠭᠡᠷᠦᠮᠵᠢ ᠶᠢ | ᠲᠤᠬᠢᠷᠠᠭᠤᠯᠤᠨ ᠬᠡᠷᠡᠭᠯᠡᠭᠰᠡᠨ ᠨᠢ ᠱᠠᠭᠠᠷᠳᠠᠯᠭ᠎ᠠ ᠳᠤ ᠬᠦᠷᠦᠭᠰᠡᠨ ᠡᠰᠡᠬᠦ᠂ ᠢᠳᠡᠭᠡᠨ ᠬᠤᠳᠠᠯᠳᠤᠨ ᠠᠪᠬᠤ᠂ | ᠬᠠᠳᠠᠭᠠᠯᠠᠬᠤ᠂ ᠡᠳᠰᠢᠭᠦᠯᠬᠦ᠂ ᠶᠠᠩᠵᠤ ᠦᠯᠡᠳᠡᠭᠡᠬᠦ ᠨᠢ ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂ ᠡᠷᠡᠭᠦᠯ | ᠬᠠᠮᠠᠭᠠᠯᠠᠯ ᠤᠨ ᠣᠷᠴᠢᠨ ᠲᠣᠭᠤᠷᠢᠨ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠪᠠᠶᠢᠴᠠᠭᠠᠨ᠎ᠠ᠃ | ︵ᠲᠦᠷᠪᠡ︶ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ᠃ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠦᠷᠢᠶᠡᠨ ᠳᠣᠲᠣᠷᠠᠬᠢ ᠣᠷᠴᠢᠨ ᠲᠣᠭᠤᠷᠢᠨ ᠤ ᠱᠠᠭᠠᠷᠳᠠᠯᠭ᠎ᠠ ᠳᠤ ᠬᠦᠷᠦᠭᠰᠡᠨ | ᠡᠰᠡᠬᠦ᠂ ᠪᠠᠶᠢᠭᠤᠯᠤᠮᠵᠢ ᠶᠢᠨ ᠭᠠᠳᠠᠭᠤᠷ ᠠᠶᠤᠯ ᠲᠠᠢ ᠪᠦᠲᠦᠭᠡᠨ ᠪᠠᠶᠢᠭᠤᠯᠤᠯᠳᠠ ᠵᠡᠷᠭᠡ ᠠᠮᠤᠷ ᠲᠦᠪᠰᠢᠨ ᠤ ᠳᠠᠯᠳᠠ | ᠭᠡᠮ ᠣᠷᠣᠰᠢᠵᠤ ᠪᠠᠶᠢᠬᠤ ᠡᠰᠡᠬᠦ᠂ ᠪᠠᠶᠢᠭᠤᠯᠤᠮᠵᠢ ᠶᠢᠨ ᠤᠶᠢᠷ᠎ᠠ ᠬᠠᠪᠢ ᠳᠤ ᠥᠨᠳᠥᠷ ᠪᠣᠬᠢᠷᠲᠤᠯ ᠤᠨ ᠡᠬᠢ | ᠰᠤᠷᠪᠤᠯᠵᠢ ᠪᠠᠶᠢᠬᠤ ᠡᠰᠡᠬᠦ ᠶᠢ ᠪᠠᠶᠢᠴᠠᠭᠠᠨ᠎ᠠ᠃ | ︵ᠲᠠᠪᠤ︶ ᠦᠢᠯᠡᠴᠢᠯᠡᠭᠡᠨ ᠤ ᠶᠠᠰᠤ ᠴᠢᠨᠠᠷ ᠤᠨ ᠠᠰᠠᠭᠤᠳᠠᠯ᠃ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠨᠢ ᠲᠡᠭᠦᠯᠳᠡᠷ ᠡᠰᠡᠬᠦ᠂ ᠬᠠᠮᠢᠶᠠᠷᠤᠯᠲᠠ ᠶᠢᠨ ᠦᠢᠯᠡᠴᠢᠯᠡᠭᠡᠨ ᠤ | ᠠᠵᠢᠯᠲᠠᠨ ᠤ ᠲᠣᠬᠢᠷᠠᠭᠤᠯᠤᠯᠲᠠ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠦᠢᠯᠡᠴᠢᠯᠡᠭᠡ ᠨᠢ ᠪᠠᠷᠢᠮᠵᠢᠶᠠᠵᠢᠭᠤᠯᠬᠤ | ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠬᠡᠮᠵᠢᠶ᠎ᠡ ᠨᠢ | ᠱᠠᠭᠠᠷᠳᠠᠯᠭ᠎ᠠ ᠳᠤ ᠬᠦᠷᠦᠭᠰᠡᠨ ᠡᠰᠡᠬᠦ᠂ ᠨᠠᠰᠤᠲᠠᠶᠢᠴᠤᠳ ᠤᠨ ᠳᠠᠩᠰᠠ ᠡᠪᠬᠡᠮᠡᠯ ᠤᠨ ᠮᠡᠳᠡᠭᠡ ᠵᠠᠩᠭᠢ ᠨᠢ ᠪᠦᠷᠢᠨ | ᠲᠡᠭᠦᠯᠳᠡᠷ ᠪᠠᠶᠢᠬᠤ ᠡᠰᠡᠬᠦ ᠶᠢ ᠪᠠᠶᠢᠴᠠᠭᠠᠨ᠎ᠠ᠃ | ᠭᠤᠷᠪᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ | ᠬᠠᠮᠢᠶᠠᠷᠪᠠᠯ ᠲᠡᠷᠡ ᠬᠠᠷᠢᠭᠤᠴᠠᠬᠤ ᠵᠠᠷᠴᠢᠮ ᠶᠣᠰᠣᠭᠠᠷ᠂ ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠨᠢ | ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠡᠳᠦᠷ | ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ ᠬᠠᠷᠢᠭᠤᠴᠠᠬᠤ ᠬᠡᠷᠡᠭᠲᠡᠶ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠢᠷᠠᠭᠤ ᠠᠯᠳᠠᠷ ᠤᠨ ᠬᠦᠷᠢᠶᠡᠯᠡᠩ ᠢ ᠬᠠᠷᠢᠭᠤᠴᠠᠨ᠎ᠠ︔ | ᠠᠷᠠᠳ ᠤᠨ ᠶᠠᠪᠤᠳᠠᠯ ᠤᠨ ᠲᠣᠪᠴᠢᠶ᠎ᠠ ᠨᠢ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠪᠠ ᠠᠷᠠᠳ ᠠᠴᠠ | ᠡᠵᠡᠩᠨᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠢ ᠬᠠᠷᠢᠭᠤᠴᠠᠨ᠎ᠠ︔ ᠪᠤᠰᠤᠳ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠦᠢᠴᠡᠳᠭᠡᠭᠦ ᠬᠡᠷᠡᠭᠲᠡᠶ᠃ | ᠲᠦᠷᠪᠡ᠂ ᠴᠡᠭᠴᠡᠯᠡᠨ ᠵᠠᠰᠠᠬᠤ ᠠᠯᠬᠤᠮ ᠳᠠᠷᠠᠭ᠎ᠠ | ︵ᠨᠢᠭᠡ︶ ᠵᠢᠭᠰᠠᠭᠠᠨ ᠪᠠᠶᠢᠴᠠᠭᠠᠵᠤ ᠪᠦᠷᠢᠳᠬᠡᠬᠦ ᠱᠠᠲᠤ ᠦᠶ᠎ᠡ ︵6 ᠳ᠋ᠤᠭᠠᠷ ᠰᠠᠷ᠎ᠠ ᠶᠢᠨ 3 ᠤ ᠡᠳᠦᠷ | — 6 ᠳ᠋ᠤᠭᠠᠷ ᠰᠠᠷ᠎ᠠ ᠶᠢᠨ 30 ᠤ ᠡᠳᠦᠷ︶ | 1. ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠪᠥᠬᠦ ᠬᠤᠲᠠ ᠶᠢᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ᠂ ᠡᠳᠦᠷ ᠤᠨ ᠠᠰᠠᠷᠠᠨ ᠬᠠᠷᠠᠭᠠᠯᠵᠠᠬᠤ ᠲᠥᠪ᠂ ᠢᠷᠠᠭᠤ ᠠᠯᠳᠠᠷ ᠤᠨ ᠬᠦᠷᠢᠶᠡᠯᠡᠩ᠂ ᠭᠤᠤᠯ ᠨᠠᠰᠤᠲᠠᠨ | ᠠᠰᠠᠷᠠᠬᠤ ᠬᠦᠷᠢᠶᠡᠯᠡᠩ᠂ ᠠᠷᠠᠳ ᠠᠴᠠ ᠡᠵᠡᠩᠨᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ᠂ ᠪᠦᠷᠢᠳᠬᠡᠬᠦ ᠠᠵᠢᠯ ᠢ ᠥᠷᠨᠢᠭᠦᠯᠵᠦ᠂ ᠭᠤᠤᠯᠳᠠᠭᠤ ᠦᠨᠳᠦᠰᠦᠨ ᠮᠡᠳᠡᠭᠡ ᠵᠠᠩᠭᠢ᠂ | ᠥᠮᠴᠢᠲᠡᠨ ᠤ ᠮᠡᠳᠡᠭᠡ ᠵᠠᠩᠭᠢ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠠᠮᠤᠷ ᠲᠦᠪᠰᠢᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ | ᠡᠬᠡ ᠳᠠᠩᠰᠠ ᠪᠠᠶᠢᠭᠤᠯᠬᠤ ᠬᠡᠷᠡᠭᠲᠡᠶ᠃ | 2. ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠪᠥᠬᠦ ᠬᠤᠲᠠ ᠶᠢᠨ ᠬᠡᠪᠴᠢᠶᠡᠨ ᠳᠠᠬᠢ ᠪᠤᠢ ᠪᠦᠬᠦᠢ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠷᠳᠠᠮ ᠢ ᠬᠦᠢᠴᠡᠳᠭᠡᠭᠰᠡᠨ ᠪᠠ ᠨᠠᠶᠢᠳᠠᠪᠤᠷᠢᠵᠢᠭᠤᠯᠤᠭᠰᠠᠨ | ᠪᠠᠶᠢᠳᠠᠯ ᠢ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠪᠦᠷᠢᠳᠬᠡᠨ᠂ ᠣᠷᠣᠰᠢᠵᠤ ᠪᠠᠶᠢᠭ᠎ᠠ ᠠᠰᠠᠭᠤᠳᠠᠯ ᠳᠤ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ | ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠨᠣᠮᠧᠷ ᠬᠠᠰᠤᠬᠤ ᠳᠦᠷᠢᠮ ᠢ | ᠬᠡᠷᠡᠭᠵᠢᠭᠦᠯᠬᠦ ᠬᠡᠷᠡᠭᠲᠡᠶ᠃ | ︵ᠬᠤᠶᠠᠷ︶ ᠵᠢᠷᠤᠮᠵᠢᠭᠤᠯᠤᠨ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵7 ᠳ᠋ᠤᠭᠠᠷ ᠰᠠᠷ᠎ᠠ ᠶᠢᠨ | 1 ᠤ ᠡᠳᠦᠷ — 10 ᠳ᠋ᠤᠭᠠᠷ ᠰᠠᠷ᠎ᠠ ᠶᠢᠨ 31 ᠤ ᠡᠳᠦᠷ︶ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠮᠤᠷ ᠲᠦᠪᠰᠢᠨ ᠤ ᠳᠠᠯᠳᠠ ᠭᠡᠮ | ᠬᠥᠩᠭᠡᠪᠲᠦᠷ ᠣᠷᠣᠰᠢᠵᠤ ᠪᠠᠶᠢᠭ᠎ᠠ ᠨᠠᠰᠤᠵᠢᠯ ᠤᠨ ᠪᠠᠶᠢᠭᠤᠯᠤᠮᠵᠢ ᠶᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠵᠤ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠳᠠᠯᠳᠠ | ᠭᠡᠮ ᠤᠨ ᠳᠠᠬᠢᠨ ᠳᠠᠪᠲᠠᠬᠤ ᠶᠢ ᠰᠡᠷᠭᠡᠶᠢᠯᠡᠬᠦ ᠬᠡᠷᠡᠭᠲᠡᠶ᠃ ᠭᠡᠷ ᠪᠠᠶᠢᠰᠢᠩ ᠤᠨ ᠠᠮᠤᠷ ᠲᠦᠪᠰᠢᠨ᠂ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ᠂ ᠢᠳᠡᠭᠡᠨ ᠤᠮᠳᠠᠭᠠᠨ ᠤ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ ᠲᠦᠪᠰᠢᠨ | ᠵᠡᠷᠭᠡ ᠳᠤ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭ᠎ᠠ ᠪᠥᠭᠡᠳ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ | ᠥᠬᠡᠶ ᠪᠠᠶᠢᠭᠤᠯᠤᠮᠵᠢ ᠪᠣᠯᠤᠨ ᠲᠠᠯᠠᠪᠤᠷ ᠭᠠᠵᠠᠷ ᠢ ᠬᠠᠭᠠᠵᠤ ᠵᠣᠭᠰᠣᠭᠠᠵᠤ ᠬᠦᠴᠦᠨ ᠥᠬᠡᠶ ᠪᠣᠯᠭᠠᠬᠤ ᠨᠡᠷᠡᠰ ᠲᠤ | ᠵᠢᠭᠰᠠᠭᠠᠨ ᠣᠷᠣᠭᠤᠯᠬᠤ ᠬᠡᠷᠡᠭᠲᠡᠢ᠃ | ︵ᠭᠤᠷᠪᠠ︶ ᠰᠢᠯᠭᠠᠨ ᠠᠪᠴᠤ ᠳ᠋ᠦᠩᠨᠡᠬᠦ ᠱᠠᠲᠤ ᠦᠶ᠎ᠡ ︵11 ᠳ᠋ᠦᠭᠡᠷ ᠰᠠᠷ᠎ᠠ ᠶᠢᠨ 1 ᠤ ᠡᠳᠦᠷ — | 11 ᠳ᠋ᠦᠭᠡᠷ ᠰᠠᠷ᠎ᠠ ᠶᠢᠨ 30 ᠤ ᠡᠳᠦᠷ︶ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠡᠷᠦᠬᠡ ᠳᠠᠷᠠᠭᠠᠯᠠᠨ ᠰᠢᠯᠭᠠᠨ ᠠᠪᠴᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ | ᠪᠠᠶᠢᠪᠠᠯ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠬᠢᠨᠠᠨ ᠬᠠᠷᠭᠤᠭᠤᠯᠤᠭᠠᠳ ᠬᠢᠷᠢ | ᠲᠡᠩᠴᠡᠭᠰᠡᠨ ᠦᠭᠡᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠭᠠᠵᠤ ᠬᠦᠴᠦᠨ ᠦᠭᠡᠢ ᠪᠣᠯᠭᠠᠬᠤ | ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵ᠲᠦᠷᠪᠡ︶ ᠬᠠᠤᠯᠢ ᠶᠣᠰᠣᠭᠠᠷ ᠬᠠᠭᠠᠵᠤ ᠵᠣᠭᠰᠣᠭᠠᠬᠤ ᠱᠠᠲᠤ ᠦᠶ᠎ᠡ ︵12 ᠳ᠋ᠤᠭᠠᠷ ᠰᠠᠷ᠎ᠠ ᠶᠢᠨ | 1 ᠤ ᠡᠳᠦᠷ — 12 ᠳ᠋ᠤᠭᠠᠷ ᠰᠠᠷ᠎ᠠ ᠶᠢᠨ 31 ᠤ ᠡᠳᠦᠷ︶ | ᠴᠡᠭᠴᠡᠯᠡᠨ ᠵᠠᠰᠠᠬᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠥᠯᠥ ᠬᠦᠷᠦᠭᠰᠡᠨ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ ᠬᠠᠤᠯᠢ ᠶᠣᠰᠣᠭᠠᠷ ᠡᠷᠡᠰ ᠬᠠᠭᠠᠵᠤ ᠵᠣᠭᠰᠣᠭᠠᠬᠤ ᠶᠢᠨ ᠬᠠᠮᠲᠤ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ ᠬᠠᠭᠠᠵᠤ ᠵᠣᠭᠰᠣᠭᠠᠭᠰᠠᠨ ᠤ ᠳᠠᠷᠠᠭᠠᠬᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠬᠠᠷᠢᠶ᠎ᠠ | ᠭᠠᠵᠠᠷ ᠤᠨ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠠᠭᠠᠵᠤ ᠵᠣᠭᠰᠣᠭᠠᠭᠰᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠬᠢᠬᠤ | ᠦᠬᠡᠢ ᠶᠢ ᠦᠨᠡᠨᠬᠦ ᠪᠠᠲᠤᠯᠠᠬᠤ ᠬᠡᠷᠡᠭᠲᠡᠶ᠃ ᠬᠠᠭᠠᠵᠤ ᠵᠣᠭᠰᠣᠭᠠᠬᠤ ᠦᠭᠡᠢ᠂ ᠲᠤᠬᠳᠠᠭᠠᠯ ᠬᠤᠭᠤᠴᠠᠭ᠎ᠠ ᠪᠠ | ᠱᠠᠭᠠᠷᠳᠠᠯᠭ᠎ᠠ ᠪᠠᠷ ᠴᠡᠭᠴᠡᠯᠡᠨ ᠦᠭᠡᠷᠡᠴᠢᠯᠡᠭᠰᠡᠨ ᠦᠭᠡᠢ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ | ᠬᠠᠮᠵᠢᠯᠴᠠᠨ ᠠᠯᠪᠠᠳᠠᠵᠤ ᠪᠠᠶᠢᠭᠠᠳ ᠬᠠᠭᠠᠵᠤ ᠵᠣᠭᠰᠣᠭᠠᠬᠤ ᠶᠢᠨ ᠬᠠᠮᠲᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠬᠦ ᠬᠡᠷᠡᠭᠲᠡᠶ᠃ | ︵ᠲᠠᠪᠤ︶ ᠬᠠᠮᠢᠶᠠᠷᠤᠯᠲᠠ ᠶᠢ ᠴᠢᠩᠭᠠᠳᠬᠠᠬᠤ ᠱᠠᠲᠤ ᠦᠶ᠎ᠡ ︵2020 ᠤᠨ ᠤ 1 ᠳ᠋ᠦᠭᠡᠷ ᠰᠠᠷ᠎ᠠ ᠶᠢᠨ | 1 ᠤ ᠡᠳᠦᠷ ᠠᠴᠠ ᠬᠤᠶᠢᠰᠢ︶ | ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠨᠢᠭᠡᠨᠲᠡ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ | ᠪᠥᠭᠡᠳ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠲᠠᠷᠠᠭᠠᠴᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠤᠯᠢ ᠲᠣᠭᠲᠠᠭᠠᠯ ᠢ ᠵᠥᠷᠢᠴᠡᠭᠰᠡᠨ | ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠬᠦ ᠬᠡᠷᠡᠭᠲᠡᠶ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠪᠠ᠃ ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠨᠠᠰᠤᠵᠢᠯ ᠤᠨᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯ ᠦᠭᠡᠢ ᠦᠢᠯᠡᠳᠪᠦᠷᠢᠯᠡᠯ ᠤᠨ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠣᠳᠣᠬᠠᠨ ᠤ ᠭᠤᠤᠯᠳᠠᠯᠭ᠎ᠠ ᠲᠠᠢ ᠡᠭᠦᠷᠭᠡ ᠪᠠᠨ ᠪᠣᠯᠭᠠᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠬᠦᠢᠴᠡᠳᠭᠡᠵᠦ᠂ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠨᠢᠭᠲᠠ ᠬᠠᠮᠳᠤᠷᠠᠯᠴᠠᠨ ᠬᠠᠮᠵᠢᠯᠴᠠᠬᠤ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠡᠯ᠎ᠡ ᠰᠢᠶᠠᠩ | ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠣᠰᠣᠭᠠᠷ᠂ ᠨᠢᠭᠲᠠ ᠬᠠᠮᠵᠢᠯᠴᠠᠨ᠂ ᠨᠢᠭᠡᠳᠦᠯᠲᠡᠶ | ᠲᠥᠯᠥᠪᠯᠡᠨ ᠠᠬᠢᠭᠤᠯᠵᠤ᠂ ᠭᠠᠵᠠᠷ ᠣᠷᠣᠨ ᠤ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠵᠡᠷᠭᠡ ᠪᠠᠷ | ᠠᠳᠬᠤᠬᠤ᠂ ᠬᠠᠮᠲᠤᠷᠠᠨ ᠬᠠᠤᠯᠢ ᠬᠡᠷᠡᠭᠵᠢᠭᠦᠯᠬᠦ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠦᠨᠡᠨᠬᠦ ᠪᠤᠢ ᠪᠣᠯᠭᠠᠬᠤ | ᠬᠡᠷᠡᠭᠲᠡᠶ᠃ | ︵ᠭᠤᠷᠪᠠ︶ ᠰᠢᠮᠳᠠᠭᠤᠯᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠬᠤ ᠬᠡᠷᠡᠭᠲᠡᠶ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠬᠤᠭᠤᠴᠠᠭᠠᠨ ᠳᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠵᠣᠬᠢᠶᠠᠨ | ᠪᠠᠶᠢᠭᠤᠯᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠨᠢ ᠰᠤᠯᠠ᠂ ᠦᠷ᠎ᠡ | ᠪᠦᠲᠦᠮᠵᠢ ᠨᠢ ᠢᠯᠡᠷᠬᠡᠶ ᠪᠤᠰᠤ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠬᠠᠮᠢᠶ᠎ᠠ ᠪᠦᠬᠦᠢ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ | ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠲᠧᠯᠸᠢᠰ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢ ᠬᠦᠢᠴᠡᠳ ᠬᠡᠷᠡᠭᠯᠡᠨ᠂ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ | ᠨᠡᠶᠢᠭᠡᠮ ᠳᠤ ᠤᠬᠠᠭᠤᠯᠵᠤ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠦᠢᠯᠡᠳᠦᠯ ᠢ | ᠪᠠᠳᠠᠷᠠᠭᠤᠯᠤᠨ᠂ ᠰᠠᠶᠢᠨ ᠰᠠᠶᠢᠬᠠᠨ ᠠᠵᠢᠯ ᠤᠨ ᠣᠷᠴᠢᠨ ᠠᠬᠤᠶ ᠶᠢ ᠴᠢᠷᠮᠠᠶᠢᠨ ᠪᠤᠢ ᠪᠣᠯᠭᠠᠬᠤ ᠬᠡᠷᠡᠭᠲᠡᠶ᠃ | ᠠᠷᠠᠳ ᠤᠨ ᠶᠠᠪᠤᠳᠠᠯ ᠤᠨ ᠲᠣᠪᠴᠢᠶ᠎ᠠ ᠨᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠠ ᠬᠢᠷᠢ ᠬᠡᠮ | ᠪᠦᠬᠦᠢ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ᠂ ᠣᠨᠴᠠᠭᠠᠢᠯᠠᠨ ᠠᠮᠤᠷ ᠲᠦᠪᠰᠢᠨ ᠤ ᠠᠰᠠᠭᠤᠳᠠᠯ ᠢᠶᠠᠷ ᠲᠤᠪᠤᠶᠢᠮ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠵᠣᠬᠢᠶᠠᠨ | ᠪᠠᠶᠢᠭᠤᠯᠤᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠯᠭᠡᠵᠦ᠂ ᠲᠡᠳᠡᠨ ᠳᠤ ᠠᠮᠤᠷ ᠲᠦᠪᠰᠢᠨ ᠤ | ᠬᠠᠮᠢᠶᠠᠷᠤᠯᠲᠠ ᠶᠢᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠣᠶᠢᠯᠠᠭᠠᠭᠤᠯᠤᠨ ᠡᠵᠡᠮᠰᠢᠭᠦᠯᠵᠦ᠂ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | | ᠤᠷᠴᠢᠭᠤᠯᠤᠬᠴᠢ᠄ ᠼᠦᠢ ᠶᠢᠩ |