ᠶᠣᠰᠣ ᠰᠤᠷᠲᠠᠬᠤᠨ ᠤ ᠬᠥᠮᠦᠵᠢᠯ ᠤᠨ ᠬᠥᠲᠥᠯᠥᠨ ᠵᠢᠯᠣᠭᠤᠳᠬᠤ ᠶᠢ ᠭᠦᠨᠵᠡᠭᠡᠶᠢᠷᠡᠭᠦᠯᠬᠦ ᠶᠢᠨ ᠲᠥᠯᠥᠭᠡ᠂ | 1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠠᠭᠤᠴᠢᠨ ᠬᠤᠲᠠ ᠲᠣᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ᠶᠢ ᠵᠤᠬᠢᠶᠠᠨ ᠪᠠᠶᠢᠭᠤᠯᠵᠦ ᠲᠥᠪᠯᠡᠷᠡᠭᠦᠯᠦᠨ ᠰᠤᠷᠤᠯᠴᠠᠪᠠ᠃ | ᠲᠣᠰ ᠤᠳᠠᠭᠠᠨ ᠤ ᠬᠤᠷᠠᠯ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ | ᠪᠦᠷᠢᠯᠳᠦᠬᠦᠨ᠂ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠨ ᠤᠷᠤᠯᠴᠠᠪᠠ᠃ | ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ | ᠭᠤᠸᠠᠨ ᠢᠦᠶ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠭᠤᠤ ᠮᠢᠩ ᠲᠠᠩ ᠣᠯᠠᠨ ᠢ | ᠳᠠᠭᠠᠭᠤᠯᠤᠨ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ ᠶᠣᠰᠣ ᠰᠤᠷᠲᠠᠬᠤᠨ ᠤ ᠬᠥᠮᠦᠵᠢᠯ ᠤᠨ ᠬᠥᠲᠥᠯᠦᠨ ᠵᠢᠯᠣᠭᠤᠳᠬᠤ ᠶᠢ | ᠬᠦᠨᠵᠡᠭᠡᠶᠢᠷᠡᠭᠦᠯᠬᠦ ᠵᠡᠷᠭᠡ ᠶᠢ ᠪᠠᠭᠲᠠᠭᠠᠭᠰᠠᠨ ᠲᠤᠯᠤᠭᠠᠨ ᠬᠡᠰᠡᠭ ᠠᠭᠤᠯᠭ᠎ᠠ ᠶᠢ ᠭᠦᠨᠵᠡᠭᠡᠶ ᠰᠤᠷᠤᠯᠴᠠᠪᠠ᠃ ︽ | ᠬᠦᠳᠡᠯᠪᠦᠷᠢ︾ ᠳᠤ ᠰᠢᠨ᠎ᠡ ᠴᠠᠭ ᠦᠶ᠎ᠡ ᠶᠢᠨ ᠠᠷᠠᠳ ᠢᠷᠭᠡᠨ ᠤ ᠶᠣᠰᠣ ᠮᠣᠷᠠᠯ ᠤᠨ ᠪᠠᠶᠢᠭᠤᠯᠤᠯᠲᠠ ᠶᠢᠨ | ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠠ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠪᠦᠬᠦ ᠠᠷᠠᠳ ᠤᠨ ᠶᠣᠰᠣ ᠮᠣᠷᠠᠯ ᠤᠨ ᠬᠡᠪ ᠴᠢᠨᠠᠷ ᠪᠠ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠦᠨᠳᠦᠷᠴᠡ ᠳᠤ ᠬᠦᠷᠭᠡᠬᠦ ᠵᠡᠷᠭᠡ ᠨᠢ ᠪᠦᠷ ᠲᠦᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ | ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠶᠢᠰᠢᠳᠠ ᠶᠢᠨ | ᠠᠵᠢᠯ ᠳ᠋ᠠᠭᠠ ︽ᠬᠥᠲᠥᠯᠪᠦᠷᠢ︾ ᠪᠠᠷ ᠪᠣᠯᠪᠠᠰᠤᠨ ᠤ ᠪᠦᠳᠦᠭᠡᠨ ᠪᠠᠶᠢᠭᠤᠯᠬᠤ ᠠᠵᠢᠯ ᠤᠨ ᠵᠢᠯᠣᠭᠤᠳᠣᠯᠭ᠎ᠠ ᠪᠣᠯᠭᠠᠵᠤ | ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠳᠥᠯᠭᠢᠨ ᠠᠬᠢᠭᠤᠯᠵᠤ᠂ ᠪᠥᠬᠦ ᠺᠠᠳ᠋ᠷ ᠤᠨ ᠦᠵᠡᠯ | ᠰᠠᠨᠠᠭᠠᠨ ᠤ ᠤᠬᠠᠮᠰᠠᠷ᠂ ᠶᠣᠰᠣ ᠮᠣᠷᠠᠯ ᠤᠨ ᠬᠢᠷᠢ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠪᠥᠬᠦ ᠵᠡᠭᠡᠯᠢ ᠭᠤᠳᠤᠮᠵᠢ ᠶᠢᠨ ᠪᠣᠯᠪᠠᠰᠤᠨ ᠤ ᠬᠡᠮᠵᠢᠶ᠎ᠡ ᠶᠢ ᠰᠢᠨ᠎ᠡ ᠨᠢᠭᠡᠨ ᠦᠨᠳᠦᠷ | ᠲᠦᠪᠰᠢᠨ ᠳᠤ ᠬᠦᠷᠭᠡᠬᠦ ᠪᠣᠯᠤᠨ᠎ᠠ᠃ | ᠤᠷᠴᠢᠭᠤᠯᠤᠬᠴᠢ᠄ ᠼᠦᠢ ᠶᠢᠩ |