ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠳ᠋ᠷ ᠤᠨ ᠡᠩᠨᠡᠭᠡᠨ ᠤ ᠬᠠᠮᠢᠶᠠᠷᠤᠯᠳᠠ ᠴᠠᠯᠠᠭᠠᠶᠢᠷᠠᠬᠤ ᠶᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-14
    2020 ᠣᠨ ᠤ 1 ᠰᠠᠷ᠎ᠠ ᠶᠢᠨ 6 ᠤ ᠡᠳᠦᠷ᠂ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠳ᠋ᠷ ᠤᠨ ᠡᠩᠨᠡᠭᠡᠨ ᠤ ᠬᠠᠮᠢᠶᠠᠷᠤᠯᠲᠠ ᠴᠠᠯᠠᠭᠠᠶᠢᠷᠠᠬᠤ ᠶᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠡᠷᠡᠭ ᠡᠷᠬᠢᠯᠡᠬᠦ ᠭᠠᠵᠠᠷ ᠤᠨ ᠪᠦᠬᠦ ᠺᠠᠳ᠋ᠷ ᠬᠤᠷᠠᠯ ᠳᠤ ᠣᠷᠣᠯᠴᠠᠪᠠ᠃     ᠺᠠᠳ᠋ᠷ ᠤᠨ ᠬᠠᠮᠢᠶᠠᠷᠤᠯᠲᠠ ᠴᠠᠯᠠᠭᠠᠶᠢᠷᠠᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠥᠨ᠃ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ ᠰᠢᠶᠤᠤ ᠰᠦ ᠶᠦᠨ ᠨᠥᠬᠦᠷ ᠺᠠᠳ᠋ᠷ ᠠᠵᠢᠯᠲᠠᠨ ᠠᠵᠢᠯᠴᠢᠨ ᠤ ᠠᠵᠢᠯ ᠳᠤ ᠭᠠᠷᠬᠤ ᠪᠠᠶᠢᠳᠠᠯ ᠢ ᠪᠠᠶᠢᠴᠠᠭᠠᠬᠤ ᠨᠠᠷᠢᠨ ᠲᠦᠷᠢᠮ ᠵᠢᠴᠢ ᠠᠮᠤᠷ ᠲᠦᠪᠰᠢᠨ᠂ ᠡᠷᠡᠭᠦᠯ ᠬᠠᠮᠠᠭᠠᠯᠠᠯ ᠵᠡᠷᠭᠡ ᠬᠢᠨᠠᠨ ᠰᠢᠯᠭᠠᠬᠤ ᠬᠠᠮᠢᠶᠠᠷᠤᠯᠳᠠ ᠶᠢᠨ ᠲᠦᠷᠢᠮ ᠤᠨ ᠪᠠᠶᠢᠳᠠᠯ ᠤᠨ ᠲᠤᠬᠠᠶ ᠨᠠᠷᠢᠨ ᠲᠣᠳᠣᠷᠬᠠᠶᠢᠯᠠᠯᠲᠠ ᠬᠢᠭᠰᠡᠨ ᠪᠠ ᠴᠢᠯᠥᠭᠡ ᠭᠤᠶᠤᠬᠤ ᠲᠦᠷᠢᠮ ᠵᠢᠴᠢ ᠠᠵᠢᠯ ᠳᠤ ᠭᠠᠷᠴᠤ ᠠᠮᠠᠷᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠳᠡᠢ᠂ ᠪᠠᠰᠠ ᠭᠡᠷ ᠳᠣᠲᠣᠷᠠᠬᠢ ᠠᠷᠢᠭᠤᠨ ᠴᠡᠪᠡᠷ ᠢ ᠡᠷᠬᠢᠮᠯᠡᠨ᠂ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠦ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠯᠳᠠ ᠬᠢᠬᠦ ᠬᠡᠷᠡᠭᠳᠡᠢ ᠭᠡᠵᠦ ᠴᠢᠬᠤᠯᠠᠴᠢᠯᠠᠪᠠ᠃     ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠡᠷᠬᠢᠯᠡᠭᠴᠢ ᠭᠦᠸᠧ ᠱᠤᠸᠠᠩ ᠴᠢᠤᠸᠠᠨ ᠣᠳᠣᠬᠢ ᠱᠠᠲᠤᠨ ᠤ ᠬᠠᠮᠢᠶᠠᠷᠤᠯᠳᠠ ᠴᠠᠯᠠᠭᠠᠶᠢᠷᠠᠬᠤ ᠶᠢ ᠲᠤᠰᠬᠠᠶ ᠴᠡᠭᠴᠡᠯᠡᠨ ᠵᠠᠰᠠᠬᠤ ᠬᠤᠷᠠᠯ ᠤᠨ ᠠᠬᠢᠴᠠ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠬᠢᠴᠠ ᠶᠢᠨ ᠱᠠᠭᠠᠷᠳᠠᠯᠭ᠎ᠠ ᠶᠢ ᠵᠢᠭᠠᠵᠤ ᠭᠠᠷᠭᠠᠪᠠ᠃ ᠨᠢᠭᠡᠳᠦᠭᠡᠷ ᠲᠤ᠂ ᠬᠠᠮᠢᠶᠠᠷᠤᠯᠲᠠ ᠴᠠᠯᠠᠭᠠᠶᠢᠷᠠᠬᠤ ᠶᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠬᠦᠢᠴᠡᠳ ᠲᠠᠨᠢᠬᠤ ᠬᠡᠷᠡᠭᠲᠡᠶ᠃ ᠬᠤᠶᠠᠳᠤᠭᠠᠷ ᠲᠤ᠂ ᠬᠠᠷᠠᠯᠲᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠭᠤᠷᠪᠠᠳᠤᠭᠠᠷ ᠲᠤ᠂ ᠠᠵᠢᠯ ᠰᠠᠭᠠᠲᠠᠭᠰᠠᠳ ᠢ ᠰᠠᠷ᠎ᠠ ᠪᠦᠷᠢ ᠡᠷᠬᠡᠪᠰᠢ ᠰᠢᠢᠳᠪᠦᠷᠢᠯᠡᠬᠦ ᠬᠡᠷᠡᠭᠲᠡᠶ᠃ ᠨᠢᠭᠡ ᠬᠥᠮᠦᠨ ᠨᠢᠭᠡ ᠠᠵᠢᠯ ᠤᠨ ᠪᠠᠶᠢᠷᠢ ᠶᠢ ᠬᠡᠷᠡᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠵᠢᠭᠠᠯᠳᠠ ᠶᠢᠨ ᠫᠠᠶᠢᠰᠠ ᠵᠡᠷᠭᠡ ᠶᠢ ᠨᠡᠮᠡᠵᠦ ᠪᠠᠶᠢᠭᠤᠯᠬᠤ ᠬᠡᠷᠡᠭᠲᠡᠶ᠃     ᠬᠤᠷᠠᠯ ᠤᠨ ᠳᠠᠷᠠᠭ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ ᠵᠢᠶᠠ ᠵᠥᠩ ᠹᠸᠢ ᠠᠴᠠ ᠠᠬᠢᠭᠤᠯᠬᠤ ᠬᠤᠷᠠᠯ ᠬᠤᠷᠠᠯᠳᠤᠭᠤᠯᠬᠤ ᠶᠢᠨ ᠰᠢᠯᠲᠠᠭᠠᠨ ᠵᠢᠴᠢ ᠠᠴᠢ ᠬᠤᠯᠪᠣᠭᠳᠠᠯ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠣᠯᠤᠨ ᠪᠠᠶᠢᠭᠤᠯᠤᠯᠭ᠎ᠠ ᠶᠢᠨ ᠬᠠᠮᠢᠶᠠᠷᠤᠯᠲᠠ ᠶᠢᠨ ᠵᠠᠷᠴᠢᠮ ᠨᠢ ᠠᠳᠠᠯᠢ᠂ ᠬᠠᠮᠢᠶᠠᠷᠤᠯᠲᠠ ᠶᠢᠨ ᠳᠦᠷᠢᠮ ᠨᠢ ᠴᠦ ᠠᠳᠠᠯᠢᠬᠠᠨ᠂ ᠡᠷᠬᠡᠪᠰᠢ ᠲᠡᠭᠡᠳᠤ ᠲᠤᠤᠷᠠᠳᠤ ᠱᠠᠲᠤᠨ ᠳᠠᠭᠠᠨ ᠬᠠᠷᠢᠯᠴᠠᠨ ᠨᠢᠭᠡᠳᠤᠯᠳᠡᠢ ᠪᠠᠶᠢᠵᠤ᠂ ᠠᠵᠢᠯ ᠢᠶᠠᠨ ᠰᠠᠶᠢᠲᠤᠷ ᠬᠢᠬᠦ ᠬᠡᠷᠡᠭᠲᠡᠶ ᠬᠡᠵᠦ ᠤᠨᠴᠠᠭᠠᠶᠢᠯᠠᠨ ᠴᠢᠬᠤᠯᠠᠴᠢᠯᠠᠪᠠ᠃                               ᠤᠷᠴᠢᠭᠤᠯᠤᠬᠴᠢ᠄ ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3