12 ᠰᠠᠷ᠎ᠠ ᠶᠢᠨ 31 ᠤ ᠦᠳᠡ ᠶᠢᠨ ᠡᠮᠦᠨ᠎ᠡ᠂ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ︾ ᠤᠨ ᠫᠠᠶᠢᠰᠠ | ᠰᠡᠬᠦᠬᠦ ᠶᠣᠰᠣᠯᠠᠯ ᠶᠠᠪᠤᠭᠤᠯᠵᠤ᠂ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠭᠦᠸᠧ ᠬᠤᠩ ᠭᠤᠸᠠᠩ ᠨᠥᠬᠦᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ | ᠪᠠᠭ ᠤᠨ ᠪᠦᠷᠢᠯᠳᠦᠬᠦᠨ ᠵᠢᠴᠢ ᠪᠦᠬᠦ ᠺᠠᠳ᠋ᠷ ᠠᠵᠢᠯᠲᠠᠨ ᠠᠵᠢᠯᠴᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠦᠸᠧ ᠸᠧᠨ ᠵᠢᠶᠧ ᠨᠥᠬᠦᠷ ᠫᠠᠶᠢᠰᠠ ᠰᠡᠬᠦᠬᠦ ᠶᠣᠰᠣᠯᠠᠯ | ᠳᠡᠭᠡᠷ᠎ᠡ ᠶᠠᠷᠢᠶ᠎ᠠ ᠲᠠᠯᠪᠢᠬᠰᠠᠨ ᠪᠠ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠳᠠ ᠪᠣᠯ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠲᠠᠪᠤᠨ ᠦᠨᠳᠦᠰᠦᠨ︾ ᠤ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠪᠣᠯᠤᠨ᠎ᠠ᠂ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠠᠶᠢᠲᠤᠷ | ᠪᠠᠶᠢᠭᠤᠯᠵᠦ ᠰᠠᠶᠢᠲᠤᠷ ᠬᠡᠷᠡᠭᠯᠡᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠬᠦ | ᠴᠢᠳᠠᠮᠵᠢ ᠶᠢ ᠴᠢᠩᠭᠠᠳᠬᠠᠬᠤ ᠪᠣᠯ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠭᠰᠠᠨ | ᠂ ᠬᠡᠷᠡᠭᠯᠡᠭᠰᠡᠨ᠂ ᠠᠮᠢᠯᠠᠭᠤᠯᠤᠭᠰᠠᠨ᠂ ᠬᠦᠴᠦᠷᠬᠡᠭᠵᠢᠭᠰᠡᠨ ᠰᠠᠭᠤᠷᠢ ᠴᠢᠨᠠᠷᠲᠠᠶ ᠠᠵᠢᠯ ᠪᠣᠯᠤᠨ᠎ᠠ ᠭᠡᠵᠦ ᠢᠯᠡᠳᠬᠡᠪᠡ᠃ | | ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠷᠠᠳ ᠲᠤ | ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠦᠢᠯᠡᠴᠢᠯᠡᠬᠦ ᠪᠠᠷ ᠣᠶᠢᠯᠠᠭᠠᠭᠳᠠᠬᠤᠨ | ᠪᠣᠯᠭᠠᠵᠤ᠂ ︽ᠲᠠᠷᠤᠶᠢᠬᠠᠨ ᠬᠢᠵᠦ᠂ ᠰᠠᠶᠢᠲᠤᠷ ᠡᠷᠬᠢᠯᠡᠬᠦ︾ ᠪᠠᠷ ᠵᠠᠷᠴᠢᠮ ᠪᠤᠯᠠᠭᠠᠨ᠂ ᠴᠢᠳᠠᠪᠬᠢ ᠨᠢ ᠪᠦᠷᠢᠨ | ᠲᠡᠭᠦᠯᠳᠡᠷ᠂ ᠲᠥᠬᠦᠭᠡᠷᠦᠮᠵᠢ ᠨᠢ ᠲᠡᠷᠢᠭᠦᠨ ᠤ᠂ ᠳᠦᠷᠢᠮ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠵᠢᠷᠤᠮᠵᠢᠭᠰᠠᠨ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠢᠳᠡᠪᠬᠢᠲᠡᠢ ᠪᠠᠶᠢᠭᠤᠯᠵᠦ᠂ ᠬᠠᠷᠢᠶ᠎ᠠ ᠣᠷᠣᠨ ᠤ ᠪᠠᠨ | ᠨᠠᠮ ᠤᠨ ᠭᠡᠰᠢᠭᠦᠨ ᠣᠯᠠᠨ ᠲᠦᠮᠡᠨ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠳᠥᠲᠡ᠂ | ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ︽ᠣᠯᠠᠨ ᠲᠦᠮᠡᠨ ᠲᠤᠷᠠᠳᠴᠦ᠂ ᠺᠠᠳ᠋ᠷ ᠨᠠᠷ ᠬᠢᠬᠦ︾ ᠶᠢ | ᠴᠢᠷᠮᠠᠶᠢᠨ ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠣᠯᠠᠨ ᠲᠦᠮᠡᠨ ᠤ ᠦᠢᠯᠡᠴᠢᠯᠡᠭᠡᠨ ᠤ | ᠲᠥᠪ ᠵᠢᠩᠬᠢᠨᠢ ᠪᠠᠷ ᠫᠠᠶᠢᠰᠠ ᠡᠯᠭᠦᠭᠰᠡᠨ ᠨᠢ ᠨᠠᠮ ᠣᠯᠠᠨ ᠲᠦᠮᠡᠨ ᠤ ᠠᠵᠢᠯ ᠰᠢᠨ᠎ᠡ ᠳᠡᠭᠲᠡᠷ ᠲᠤ ᠭᠠᠷᠴᠤ᠂ ᠰᠢᠨ᠎ᠡ | ᠪᠠᠶᠢᠳᠠᠯ ᠢ ᠡᠭᠦᠳᠦᠭᠰᠡᠨ ᠢ ᠬᠠᠷᠠᠭᠤᠯᠵᠤ ᠪᠠᠶᠢᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ | ᠠᠵᠢᠯ ᠢᠶᠠᠨ ᠢᠳᠡᠪᠬᠢᠲᠡᠢ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠰ ᠤᠨ ᠰᠡᠳᠬᠢᠯ ᠢ | ᠨᠢᠬᠳᠠᠷᠠᠭᠤᠯᠤᠨ᠂ ᠬᠥᠭᠵᠢᠯᠲᠡ ᠶᠢ ᠲᠦᠯᠬᠢᠵᠦ᠂ ᠡᠶ᠎ᠡ ᠵᠣᠬᠢᠴᠠᠯ ᠢ ᠠᠬᠢᠭᠤᠯᠬᠤ ᠭᠤᠤᠯᠯᠠᠭᠴᠢ ᠦᠢᠯᠡᠳᠦᠯ ᠢ | ᠴᠢᠷᠮᠠᠶᠢᠨ ᠪᠠᠳᠠᠷᠠᠭᠤᠯᠬᠤ ᠪᠣᠯᠤᠨ᠎ᠠ᠃ | ᠤᠷᠴᠢᠭᠤᠯᠤᠬᠴᠢ᠄ ᠼᠦᠢ ᠶᠢᠩ |