1 ᠳ᠋ᠦᠭᠡᠷ ᠰᠠᠷ᠎ᠠ ᠶᠢᠨ 9 ᠤ ᠡᠳᠦᠷ᠂ ᠬᠤᠲᠠ ᠶᠢᠨ ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠪᠣᠯᠤᠨ ᠪᠥᠬᠦ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ ᠤ ᠬᠤᠭᠤᠴᠠᠭᠠᠨ ᠳᠠᠬᠢ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ | ᠨᠠᠮ ᠤᠨ ᠠᠵᠢᠯ ᠤᠨ ᠵᠦᠪᠯᠡᠯ ᠤᠨ ᠱᠦᠵᠢ ᠬᠠᠨ ᠵᠢᠶᠠᠨ ᠭᠦᠸᠧ ᠡᠷᠬᠢᠯᠡᠵᠦ᠂ ᠤᠳᠤᠷᠢᠳᠬᠤ ᠪᠠᠭ ᠤᠨ | ᠪᠦᠷᠢᠯᠳᠦᠬᠦᠨ᠂ ᠪᠠᠶᠢᠭᠤᠯᠭ᠎ᠠ ᠶᠢᠨ ᠪᠦᠬᠦ ᠺᠠᠳ᠋ᠷ ᠵᠢᠴᠢ ᠡᠯ᠎ᠡ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠪᠦᠷᠢᠯᠳᠦᠬᠦᠨ ᠪᠣᠯᠤᠨ ᠳᠣᠷᠣᠭᠰᠢ ᠲᠣᠮᠢᠯᠠᠭᠰᠠᠨ ᠺᠠᠳ᠋ᠷ ᠨᠠᠷ ᠣᠷᠣᠯᠴᠠᠪᠠ᠃ | ᠬᠤᠷᠠᠯ ᠳᠤ᠂ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠶ ᠬᠤᠩ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠢᠳᠬᠠᠨ ᠬᠤᠷᠢᠭᠯᠠᠬᠤ᠂ | ᠵᠢᠵᠢᠭᠦᠷᠯᠡᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠬᠠᠨ ᠵᠢᠶᠠᠨ ᠭᠦᠸᠧ ᠬᠤᠲᠠ ᠶᠢᠨ | ᠬᠤᠶᠢᠳᠤ ᠲᠣᠭᠤᠷᠢᠭ ᠤᠨ ᠲᠣᠰ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠣᠳᠠᠲᠠᠶ | ᠪᠠᠶᠢᠷᠢᠯᠠᠭᠤᠯᠤᠯᠲᠠ ᠬᠢᠵᠡᠶ᠂ ᠲᠡᠷᠡ᠄ ᠪᠠᠶᠢᠳᠠᠯ ᠢ ᠲᠣᠳᠣᠷᠬᠠᠶ ᠲᠠᠨᠢᠵᠤ᠂ ᠤᠯᠤᠰ ᠲᠥᠷᠦ ᠶᠢᠨ ᠪᠠᠶᠢᠳᠠᠯ ᠢ | ᠳᠡᠭᠡᠭᠰᠢᠯᠡᠭᠦᠯᠬᠦ ᠬᠡᠷᠡᠭᠲᠡᠶ︔ ᠡᠷᠴᠢᠮ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ | ᠵᠢᠭᠰᠠᠭᠠᠨ ᠪᠠᠶᠢᠴᠠᠭᠠᠬᠤ ᠪᠠ ᠠᠷᠢᠯᠭᠠᠬᠤ ᠠᠵᠢᠯ ᠢ ᠰᠠᠶᠢᠲᠤᠷ ᠬᠢᠨ᠎ᠡ︔ ᠰᠢᠮᠳᠠᠭᠤᠯᠤᠨ ᠵᠢᠯᠣᠭᠤᠳᠬᠤ ᠪᠠᠨ | ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ ᠬᠡᠵᠦ ᠱᠠᠭᠠᠷᠳᠠᠬᠰᠠᠨ ᠮᠦᠷᠳᠡᠭᠡᠨ | ᠨᠥᠬᠦᠳ ᠨᠡᠷ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠵᠢᠯ ᠤᠨ ᠲᠤᠷᠰᠢᠯᠭ᠎ᠠ ᠪᠣᠯᠤᠨ | ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠬᠠᠶᠢᠷ᠎ᠠ ᠰᠡᠳᠬᠢᠯᠭᠡ ᠪᠠᠨ ᠡᠪᠦᠷᠯᠡᠵᠦ᠂ | ᠬᠠᠷᠢᠭᠤᠴᠠᠯᠭ᠎ᠠ ᠪᠠᠨ ᠡᠭᠦᠷᠭᠡᠯᠡᠨ ᠣᠯᠠᠨ ᠲᠦᠮᠡᠨ ᠤ ᠠᠵᠢᠯ ᠢ ᠬᠢᠵᠦ᠂ ᠬᠥᠮᠦᠨ ᠨᠢ ᠲᠤᠬᠠᠶ ᠶᠢᠨ ᠭᠠᠵᠠᠷ ᠲᠠᠭᠠᠨ | ᠲᠣᠭᠲᠠᠭᠤᠨ ᠰᠠᠭᠤᠷᠢᠰᠢᠵᠦ᠂ ᠤᠴᠢᠷ ᠶᠠᠪᠤᠳᠠᠯ ᠨᠢ ᠬᠠᠷᠢᠶ᠎ᠠ ᠣᠷᠣᠨ ᠳᠠᠭᠠᠨ ᠰᠢᠢᠳᠪᠦᠷᠢᠯᠡᠭᠳᠡᠨ᠂ ᠡᠶ᠎ᠡ | ᠵᠣᠬᠢᠴᠠᠩᠭᠤᠶ ᠲᠣᠭᠲᠠᠭᠤᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠪᠣᠶ ᠪᠣᠯᠭᠠᠵᠤ᠂ ᠬᠡᠷᠡᠭ ᠡᠷᠬᠢᠯᠡᠬᠦ ᠭᠠᠵᠠᠷ ᠤᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠤᠷᠴᠢᠭᠤᠯᠤᠬᠴᠢ᠄ ᠼᠦᠢ ᠶᠢᠩ |