| 1ᠰᠠᠷ᠎ᠠ ᠶᠢᠨ 9 ᠤ ᠦᠳᠡ ᠶᠢᠨ ᠡᠮᠦᠨ᠎ᠡ᠂ ᠬᠤᠲᠠ ᠶᠢᠨ ᠬᠤᠷᠢᠶᠠᠨ ᠤ ᠪᠠᠶᠢᠩᠭᠤ ᠶᠢᠨ ᠭᠡᠰᠢᠬᠦᠨ᠂ | ᠵᠠᠰᠠᠭ ᠤᠨ ᠤᠷᠳᠤᠨ ᠤ ᠳᠡᠳ᠋ ᠬᠤᠳᠠ ᠶᠢᠨ ᠳᠠᠷᠤᠭ᠎ᠠ ᠵᠠᠩ ᠬᠤᠩ ᠰᠢᠨ᠎ᠡ ᠬᠤᠲᠠ ᠲᠣᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠳᠤ ᠭᠦᠨᠵᠡᠭᠡᠶᠢᠷᠡᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠢᠨᠠᠨ ᠵᠢᠯᠤᠭᠤᠳᠪᠠ᠃ | ᠵᠠᠩ ᠬᠤᠩ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ ᠰᠠᠯᠠᠭ᠎ᠠ | ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ | ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠵᠢᠯᠲᠠᠨ ᠤ ᠲᠣᠭᠲᠠᠭᠤᠨ ᠢ ᠡᠵᠡᠮᠳᠡᠵᠦ ᠪᠠᠶᠢᠭ᠎ᠠ ᠪᠠᠶᠢᠳᠠᠯ᠂ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠭᠤᠤᠯᠳᠠᠯᠭ᠎ᠠ ᠲᠠᠢ ᠯᠠᠪᠯᠠᠨ | ᠠᠰᠠᠭᠤᠭᠰᠠᠨ ᠪᠥᠭᠡᠳ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠪᠠᠰᠠ ᠡᠯ᠎ᠡ ᠰᠠᠯᠠᠭ᠎ᠠ ᠮᠥᠴᠢᠷ ᠪᠣᠯᠤᠨ ᠢᠳᠬᠠᠨ ᠬᠤᠷᠢᠭᠯᠠᠬᠤ | ᠥᠷᠲᠡᠭᠡ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠬᠦ ᠠᠵᠢᠯ ᠢ ᠦᠨᠡᠨᠬᠦ | ᠣᠳᠣᠬᠠᠨ ᠤ ᠶᠡᠭᠡ ᠶᠠᠪᠤᠳᠠᠯ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ | ᠨᠠᠷᠢᠨ ᠨᠢᠮᠪᠠᠶ ᠬᠢᠬᠦ ᠬᠡᠷᠡᠭᠲᠡᠶ ᠭᠡᠪᠡ᠃ | ᠵᠠᠩ ᠬᠤᠩ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠶᠢᠴᠠᠭᠠᠨ ᠰᠢᠯᠭᠠᠬᠤ ᠶᠢ ᠴᠢᠩᠭᠠᠳᠬᠠᠵᠤ | ᠂ ᠵᠠᠬᠢᠳᠠᠯ ᠰᠤᠷᠪᠤᠯᠵᠢᠯᠠᠭ᠎ᠠ ᠶᠢᠨ ᠳᠠᠯᠳᠠ ᠭᠡᠮ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠵᠠᠬᠢᠳᠠᠯ ᠰᠤᠷᠪᠤᠯᠵᠢᠯᠠᠭ᠎ᠠ ᠶᠢᠨ ᠴᠤᠬᠤᠶᠢᠯᠲᠠ ᠪᠠ ᠵᠥᠷᠢᠴᠡᠯ ᠤᠨ ᠳᠠᠯᠳᠠ ᠭᠡᠮ ᠢ ᠰᠡᠳᠬᠢᠯ ᠳᠣᠲᠣᠷ᠎ᠠ ᠪᠠᠨ ᠲᠤᠭ᠎ᠠ | ᠲᠠᠢ ᠪᠠᠶᠢᠯᠭᠠᠵᠦ᠂ ᠬᠦᠮᠦᠰ ᠡᠵᠡᠮᠰᠢᠯ ᠢᠶᠠᠨ ᠠᠯᠳᠠᠬᠰᠠᠨ ᠦᠶᠡᠰ ᠲᠦᠷᠭᠡᠨ ᠲᠤᠰᠬᠠᠯ ᠭᠠᠷᠭᠠᠵᠤ᠂ ᠲᠣᠬᠢᠲᠠᠶ | ᠰᠢᠢᠳᠪᠦᠷᠢᠯᠡᠵᠦ ᠴᠢᠳᠠᠬᠤ ᠬᠡᠷᠡᠭᠲᠡᠶ︔ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ | ᠠᠵᠢᠯ ᠢ ᠴᠢᠩᠭᠠᠳᠬᠠᠵᠤ᠂ ᠢᠯᠠᠩᠭᠤᠶ᠎ᠠ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠬᠠᠮᠲᠤᠯᠢᠭ᠂ | ᠭᠤᠤᠯᠳᠠᠯᠭ᠎ᠠ ᠲᠠᠢ ᠠᠰᠠᠭᠤᠳᠠᠯ᠂ ᠭᠤᠤᠯᠳᠠᠯᠭ᠎ᠠ ᠲᠠᠢ ᠬᠥᠮᠦᠰ ᠤᠨ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠵᠢᠭᠤᠷᠠᠯᠳᠤᠨ ᠶᠠᠪᠤᠵᠤ ᠦᠢᠮᠡᠬᠦᠯᠵᠦ ᠪᠠᠶᠢᠭ᠎ᠠ ᠬᠥᠮᠦᠰ ᠢ ᠲᠤᠬᠠᠶ ᠶᠢᠨ ᠭᠠᠵᠠᠷ ᠲᠤᠨᠢ ᠡᠷᠡᠰ | ᠬᠢᠵᠠᠭᠠᠷᠯᠠᠬᠤ ᠬᠡᠷᠡᠭᠲᠡᠶ︔ ᠨᠡᠶᠢᠭᠡᠮ ᠤᠨ ᠠᠮᠤᠷ ᠲᠦᠪᠰᠢᠨ ᠪᠠ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠤᠯᠤᠰ ᠲᠥᠷᠦ ᠶᠢᠨ ᠴᠤᠤᠷᠬᠠᠯ ᠪᠠ | ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠬᠤ ᠶᠢ ᠡᠷᠡᠰ ᠬᠤᠷᠢᠭᠯᠠᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠤᠷᠠᠯ︾ ᠤᠨ ᠤᠷᠤᠭᠰᠢᠲᠠᠶ ᠬᠤᠷᠠᠯᠳᠤᠬᠤ ᠳᠤ ᠡᠶ᠎ᠡ ᠵᠣᠬᠢᠴᠠᠩᠭᠤᠶ ᠲᠣᠭᠲᠠᠭᠤᠨ | ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠬᠡᠵᠦ ᠴᠢᠬᠤᠯᠠᠴᠢᠯᠠᠪᠠ᠃ | ᠤᠷᠴᠢᠭᠤᠯᠤᠭᠴᠢ᠄ ᠼᠦᠢ ᠶᠢᠩ |