ᠹᠧᠩᠵᠧᠨ ᠬᠤᠲᠠ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2020-01-14
      ᠨᠢᠭᠡ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠬᠥᠮᠦᠵᠢᠯ ᠪᠣᠯᠪᠠᠰᠤᠷᠠᠭᠤᠯᠤᠯ ᠤᠨ ᠡᠷᠴᠢᠮ ᠢ ᠲᠡᠭᠡᠭᠰᠢᠯᠡᠭᠦᠯᠪᠡ᠃ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠬᠡᠪ ᠶᠣᠰᠣᠭᠠᠷ ᠥᠷᠨᠢᠬᠦ ᠵᠢᠴᠢ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠠᠵᠢᠯ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠶᠠᠰᠤ ᠴᠢᠨᠠᠷ ᠲᠤ ᠬᠢᠨᠠᠯᠲᠠ ᠲᠠᠯᠪᠢᠬᠤ ᠲᠤᠰᠬᠠᠢ ᠠᠵᠢᠯᠲᠠᠨ ᠲᠣᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠬᠢᠨᠠᠯᠲᠠ ᠲᠠᠯᠪᠢᠬᠤ ᠳᠦᠷᠢᠮ ᠤᠨ ᠵᠢᠷᠤᠮᠵᠢᠯ ᠵᠢᠴᠢ ᠲᠤᠰᠬᠠᠢ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠠᠭ  ᠲᠤᠬᠳᠠᠭᠠᠨ ᠶᠠᠪᠤᠬᠳᠠᠭᠤᠯᠵᠦ᠂ ᠬᠢᠨᠠᠯᠲᠠ ᠲᠠᠯᠪᠢᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠪᠡ᠃      ᠬᠤᠶᠠᠷ ᠲᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠬᠠᠷᠢᠭᠤᠴᠠᠬᠤ᠂ ᠬᠢᠨᠠᠨ ᠬᠠᠮᠢᠶᠠᠷᠬᠤ ᠨᠢᠭᠡᠴᠡ ᠡᠵᠡᠮᠳᠡᠬᠦ᠂ ᠪᠠᠷᠢᠯᠭ᠎ᠠ ᠪᠠᠷᠢᠬᠤ ᠨᠢᠭᠡᠴᠡ ᠪᠠᠲᠤᠯᠠᠬᠤ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠯ ᠵᠡᠷᠭᠡ ᠶᠢ ᠪᠠᠶᠢᠭᠤᠯᠤᠨ ᠪᠦᠷᠢᠨᠰᠢᠭᠦᠯᠵᠦ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠰᠢᠰᠲ᠋ᠧᠮᠵᠢ ᠪᠣᠯᠤᠨ ᠪᠠᠷᠢᠮᠵᠢᠶ᠎ᠠ ᠶᠢ ᠲᠡᠭᠦᠯᠳᠡᠷᠵᠢᠭᠦᠯᠪᠡ᠃      ᠭᠤᠷᠪᠠ ᠳᠤ᠂ ᠭᠤᠤᠯᠳᠠᠯᠭ᠎ᠠ ᠲᠠᠢ ᠭᠤᠭᠴᠤᠭ᠎ᠠ ᠳᠤ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠪᠠ᠃ ᠪᠦᠲᠦᠮᠵᠢᠲᠡᠶ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠶᠢᠨ ᠲᠤᠰᠠᠳᠠ᠂ ᠬᠠᠷᠢᠭᠤᠴᠠᠯᠭ᠎ᠠ ᠶᠢᠨ ᠭᠤᠤᠯ ᠴᠤᠬᠴᠠ ᠶᠢᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠮᠠᠲ᠋ᠧᠷᠢᠶᠠᠯ᠂ ᠲᠥᠬᠦᠭᠡᠷᠦᠮᠵᠢ ᠳᠤ ᠬᠢᠨᠠᠯᠲᠠ ᠲᠠᠯᠪᠢᠬᠤ ᠡᠷᠴᠢᠮ ᠢᠶᠠᠨ ᠨᠡᠮᠡᠭᠳᠡᠭᠦᠯᠵᠦ᠂ ᠪᠠᠷᠢᠯᠭ᠎ᠠ ᠪᠠᠷᠢᠬᠤ ᠶᠠᠪᠤᠴᠠ ᠳᠤ ᠲᠣᠭᠤᠷᠢᠨ ᠪᠠᠶᠢᠴᠠᠭᠠᠬᠤ ᠶᠢ ᠴᠢᠩᠬᠭᠠᠷᠠᠭᠤᠯᠪᠠ᠃                                     ᠤᠷᠴᠢᠭᠤᠯᠤᠬᠴᠢ᠄  ᠼᠦᠢ ᠶᠢᠩ          
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3