| | ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠣᠯᠠᠨ ᠲᠦᠮᠡᠨ ᠳᠤ ᠦᠢᠯᠡᠴᠢᠯᠡᠬᠦ ᠠᠵᠤ ᠠᠬᠤᠶᠢᠯᠠᠯ ᠳᠤ ᠦᠢᠯᠡᠴᠢᠯᠡᠬᠦ | 60 ᠵᠦᠢᠯ ᠤᠨ ᠠᠷᠭ᠎ᠠ ᠬᠡᠮᠵᠢᠶ᠎ᠡ︾ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠶᠢᠮᠠᠭ ᠬᠤᠲᠠ | ᠠᠯᠤᠰᠯᠠᠨ ᠡᠷᠦᠬᠡ ᠠᠮᠠ ᠰᠢᠯᠵᠢᠭᠦᠯᠬᠦ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠤᠰᠠᠳᠠ᠂ 2020 ᠣᠨ ᠤ | 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠥᠪᠥᠷ ᠮᠣᠩᠭᠤᠯ ᠣᠷᠣᠨ ᠳᠤ ᠠᠶᠢᠮᠠᠭ ᠬᠤᠲᠠ | ᠠᠯᠤᠰᠯᠠᠨ ᠡᠷᠦᠬᠡ ᠠᠮᠠ ᠰᠢᠯᠵᠢᠭᠦᠯᠬᠦ ︽ᠨᠢᠭᠡ ᠥᠷᠲᠡᠭᠡ ᠮᠠᠶ᠋ᠢᠭ︾ ᠢᠶᠠᠷ ᠬᠦᠢᠴᠡᠳᠭᠡᠭᠦ ᠶᠢ ᠬᠡᠷᠡᠭᠵᠢᠭᠦᠯᠦᠨ᠎ᠡ᠃ | ︽ᠨᠢᠭᠡ ᠥᠷᠲᠡᠭᠡ ᠮᠠᠶ᠋ᠢᠭ︾ ᠢᠶᠠᠷ ᠬᠦᠢᠴᠡᠳᠭᠡᠭᠦ ᠳᠤ ᠲᠣᠬᠢᠷᠠᠬᠤ ᠡᠲᠡᠭᠡᠳ ᠨᠢ ᠥᠪᠥᠷ ᠮᠣᠩᠭᠤᠯ ᠣᠷᠣᠨ ᠤ | ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠪᠠᠶᠢᠬᠤ ᠬᠡᠷᠡᠭᠲᠡᠢ᠂ ᠡᠷᠦᠬᠡ ᠠᠮᠠ ᠪᠠᠨ ᠰᠢᠯᠵᠢᠭᠦᠯᠬᠦ ᠶᠢ | ᠵᠥᠪᠰᠢᠶᠡᠷᠡᠬᠦ ᠪᠠ ᠨᠡᠭᠦᠯᠭᠡᠬᠦ ᠮᠡᠳᠡᠭᠡ ᠵᠠᠩᠭᠢ ᠶᠢ ᠰᠦᠯᠵᠢᠶ᠎ᠡ ᠪᠠᠷ ᠳᠠᠮᠵᠢᠭᠤᠯᠤᠨ ᠡᠷᠭᠢᠯᠳᠦᠭᠦᠯᠵᠦ᠂ ︽ᠡᠷᠦᠬᠡ | ᠠᠮᠠ ᠪᠠᠨ ᠰᠢᠯᠵᠢᠭᠦᠯᠬᠦ ᠶᠢ ᠵᠥᠪᠰᠢᠶᠡᠷᠡᠬᠦ ᠦᠨᠡᠮᠯᠡᠯ︾ ᠪᠠ ︽ᠡᠷᠦᠬᠡ ᠠᠮᠠ ᠪᠠᠨ ᠨᠡᠭᠦᠯᠭᠡᠬᠦ ᠶᠢ ᠵᠥᠪᠰᠢᠶᠡᠷᠡᠬᠦ | ᠦᠨᠡᠮᠯᠡᠯ︾ ᠢ ᠳᠠᠬᠢᠵᠤ ᠭᠠᠷᠭᠠᠬᠤ ᠥᠬᠡᠶ᠃ ︽ᠨᠢᠭᠡ ᠥᠷᠲᠡᠭᠡ ᠮᠠᠶ᠋ᠢᠭ︾ ᠢᠶᠠᠷ ᠬᠦᠢᠴᠡᠳᠭᠡᠭᠦ ᠠᠴᠠ ᠡᠮᠦᠨ᠎ᠡ | ᠨᠢᠭᠡᠨᠲᠡ ︽ᠡᠷᠦᠬᠡ ᠠᠮᠠ ᠪᠠᠨ ᠰᠢᠯᠵᠢᠭᠦᠯᠬᠦ ᠶᠢ ᠵᠥᠪᠰᠢᠶᠡᠷᠡᠬᠦ ᠦᠨᠡᠮᠯᠡᠯ︾᠂ ︽ᠡᠷᠦᠬᠡ ᠠᠮᠠ ᠪᠠᠨ ᠨᠡᠭᠦᠯᠭᠡᠬᠦ ᠶᠢ | ᠵᠦᠪᠰᠢᠶᠡᠷᠡᠬᠦ ᠦᠨᠡᠮᠯᠡᠯ︾ ᠢ ᠬᠦᠢᠴᠡᠳᠭᠡᠭᠰᠡᠨ ᠪᠠᠶᠢᠪᠠᠯ᠂ ᠮᠥᠨ ᠤᠤᠯ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠨᠡᠭᠦᠵᠦ ᠣᠷᠣᠬᠤ ᠭᠠᠵᠠᠷ ᠤᠨ ᠡᠷᠦᠬᠡ ᠠᠮᠠ ᠣᠷᠣᠬᠤ ᠨᠥᠬᠦᠴᠡᠯ ᠳᠤ ᠨᠡᠶᠢᠴᠡᠬᠦ ᠪᠥᠭᠡᠳ | ᠭᠡᠷᠡᠴᠢ ᠮᠠᠲ᠋ᠧᠷᠢᠶᠠᠯ ᠨᠢ ᠪᠦᠷᠢᠨ ᠬᠦᠢᠴᠡᠳ ᠪᠠᠶᠢᠪᠠᠯ᠂ ᠣᠯᠠᠨ ᠲᠦᠮᠡᠨ ᠨᠡᠭᠦᠵᠦ ᠣᠷᠣᠬᠤ ᠭᠡᠵᠦ ᠪᠠᠶᠢᠭ᠎ᠠ | ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠤᠨ᠎ᠠ᠂ ᠡᠷᠦᠬᠡ | ᠠᠮᠠ ᠣᠷᠣᠬᠤ ᠭᠤᠶᠤᠴᠢᠯᠠᠯ᠂ ᠲᠣᠰ ᠬᠥᠮᠦᠨ ᠵᠢᠴᠢ ᠳᠠᠭᠠᠵᠤ ᠨᠡᠭᠦᠭᠰᠡᠨ ᠬᠥᠮᠦᠰ ᠤᠨ ᠡᠷᠦᠬᠡ ᠠᠮᠠ ᠶᠢᠨ ᠳᠡᠪᠲᠡᠷ | ᠵᠡᠷᠭᠡ ᠨᠢ ᠡᠷᠬᠡᠪᠰᠢ ᠬᠡᠷᠡᠭᠰᠡᠬᠦ ᠮᠠᠲ᠋ᠧᠷᠢᠶᠠᠯ ᠪᠣᠯᠤᠨ᠎ᠠ᠃ ᠨᠡᠭᠦᠵᠦ ᠣᠷᠣᠬᠤ ᠪᠠᠷ ᠪᠠᠶᠢᠭ᠎ᠠ ᠭᠠᠵᠠᠷ ᠤᠨ ᠡᠷᠦᠬᠡ ᠠᠮᠠ | ᠣᠷᠣᠭᠤᠯᠬᠤ ᠨᠥᠬᠦᠴᠡᠯ᠂ ᠭᠡᠷᠡᠴᠢ ᠮᠠᠲ᠋ᠧᠷᠢᠶᠠᠯ ᠨᠢ ᠪᠦᠷᠢᠨ ᠬᠦᠢᠴᠡᠳ ᠪᠥᠭᠡᠳ ᠪᠠᠶᠢᠴᠠᠭᠠᠨ ᠬᠠᠷᠭᠤᠭᠤᠯᠬᠤ | ᠴᠢᠬᠤᠯᠠ ᠦᠭᠡᠢ ᠪᠣᠯ᠂ ᠬᠠᠮᠤᠭ ᠤᠷᠲᠤ ᠳᠠᠭᠠᠨ 10 ᠠᠵᠢᠯᠯᠠᠬᠤ ᠡᠳᠦᠷ ᠲᠤ ᠬᠦᠢᠴᠡᠳᠭᠡᠵᠦ ᠳᠠᠭᠤᠰᠬᠠᠬᠤ | ᠬᠡᠷᠡᠭᠲᠡᠶ᠃ ᠪᠠᠶᠢᠴᠠᠭᠠᠨ ᠬᠠᠷᠭᠤᠭᠤᠯᠬᠤ ᠴᠢᠬᠤᠯᠠ ᠲᠠᠢ ᠪᠣᠯ ᠬᠠᠮᠤᠭ ᠤᠷᠲᠤ ᠳᠠᠭᠠᠨ 15 ᠠᠵᠢᠯᠯᠠᠬᠤ ᠡᠳᠦᠷ ᠲᠤ | ᠰᠢᠢᠳᠪᠦᠷᠢᠯᠡᠵᠦ ᠳᠠᠭᠤᠰᠬᠠᠬᠤ ᠬᠡᠷᠡᠭᠲᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ | ᠣᠯᠠᠨ ᠲᠦᠮᠡᠨ ᠥᠪᠥᠷ ᠮᠣᠩᠭᠤᠯ ᠣᠷᠣᠨ ᠳᠤ ᠨᠡᠭᠦᠵᠦ ᠣᠷᠤᠬᠤ ᠶᠢ ︽ᠨᠢᠭᠡ ᠥᠷᠲᠡᠭᠡ ᠮᠠᠶ᠋ᠢᠭ︾ ᠢᠶᠠᠷ | ᠬᠦᠢᠴᠡᠳᠭᠡᠭᠦ ᠶᠢ ᠲᠦᠷ ᠴᠠᠭ ᠬᠡᠷᠡᠭᠵᠢᠭᠦᠯᠵᠦ ᠪᠣᠯᠬᠤ ᠦᠭᠡᠢ᠃ | ᠡᠨᠡ ᠪᠣᠯ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠮᠲᠠᠬᠢ ᠠᠷᠠᠳ ᠲᠤ ᠳᠥᠭᠦᠮ ᠦᠵᠡᠭᠦᠯᠬᠦ ᠪᠠᠰᠠ | ᠨᠢᠭᠡ ᠵᠦᠢᠯ ᠤᠨ ᠠᠷᠭ᠎ᠠ ᠬᠡᠮᠵᠢᠶ᠎ᠡ ᠪᠣᠯᠤᠨ᠎ᠠ᠃ ᠣᠯᠠᠨ ᠲᠦᠮᠡᠨ ᠨᠡᠭᠦᠵᠦ ᠣᠷᠣᠬᠤ ᠭᠠᠵᠠᠷ ᠪᠠ ᠨᠡᠭᠦᠵᠦ ᠭᠠᠷᠬᠤ | ᠭᠠᠵᠠᠷ ᠤᠨ ᠬᠤᠭᠤᠷᠣᠨᠳᠣ ᠨᠠᠭᠠᠰᠢ ᠴᠠᠭᠠᠰᠢ ᠲᠡᠪᠵᠢᠶᠡᠷᠡᠵᠦ ᠭᠦᠶᠦᠬᠦ ᠴᠢᠬᠤᠯᠠ ᠦᠭᠡᠢ ᠪᠣᠯᠵᠠᠶ᠃ ᠬᠥᠮᠦᠨ | ᠪᠦᠷᠢ ᠶᠢᠨ 300 ᠲᠥᠭᠦᠷᠢᠭ ᠤᠨ ᠵᠠᠷᠤᠳᠠᠯ ᠢᠶᠠᠷ ᠪᠤᠳᠤᠪᠠᠯ᠂ ᠵᠢᠯ ᠪᠦᠷᠢ ᠪᠠᠷᠤᠭ 1500 ᠲᠦᠮᠡᠨ ᠲᠥᠭᠦᠷᠢᠭ ᠤᠨ | ᠨᠡᠶᠢᠭᠡᠮ ᠤᠨ ᠥᠪᠡᠷ ᠤᠨ ᠥᠷᠲᠡᠭ ᠢ ᠠᠷᠪᠢᠯᠠᠬᠤ ᠶᠢᠨ ᠬᠠᠮᠲᠤ ᠪᠠᠰᠠ ᠴᠠᠭ ᠤᠨ ᠥᠪᠡᠷ ᠤᠨ ᠥᠷᠲᠡᠭ ᠢ | ᠠᠷᠪᠢᠯᠠᠭᠰᠠᠨ ᠪᠠᠶᠢᠨ᠎ᠠ᠃ ᠵᠢᠱᠢᠵᠦ ᠪᠤᠳᠤᠭᠰᠠᠨ ᠢᠶᠠᠷ᠂ ᠵᠢᠯ ᠪᠦᠷᠢ 5 ᠲᠦᠮᠡᠨ ᠠᠷᠠᠳ ᠠᠰᠢᠭ ᠬᠦᠷᠲᠡᠬᠦ ᠪᠣᠯᠤᠨ᠎ᠠ᠃ | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠠᠷᠠᠳ ᠤᠨ ᠰᠦᠯᠵᠢᠶ᠎ᠡ | |