| ᠤᠶᠢᠷ᠎ᠠ ᠶᠢᠨ ᠵᠢᠯ ᠠᠴᠠ ᠨᠠᠰᠢ᠂ ᠠᠵᠢᠯ ᠤᠨ ᠠᠮᠠᠷᠠᠯᠲᠠ ᠠᠪᠬᠤ ᠨᠠᠰᠤ ᠵᠢᠯ ᠢ ᠬᠤᠶᠢᠰᠢᠯᠠᠭᠤᠯᠬᠤ | ᠲᠥᠰᠦᠯ ᠢ ᠰᠤᠳᠤᠯᠤᠨ ᠶᠠᠷᠢᠯᠴᠠᠬᠤ ᠶᠠᠪᠤᠳᠠᠯ ᠨᠢ ᠨᠡᠶᠢᠭᠡᠮ ᠤᠨ ᠨᠢᠭᠡᠨ ᠬᠠᠯᠠᠮᠰᠢᠯ ᠠᠩᠬᠠᠷᠤᠯ ᠪᠣᠯᠤᠭᠰᠠᠨ ᠪᠠᠶᠢᠨ᠎ᠠ᠃ | ᠠᠮᠧᠷᠢᠺᠠ ᠶᠢᠨ ᠠᠵᠤ ᠠᠬᠤᠢ ᠶᠢᠨ ᠤᠬᠠᠭᠠᠨᠲᠠᠨ ᠤ ᠨᠢᠭᠡᠨ ᠰᠢᠨ᠎ᠡ ᠰᠤᠳᠤᠯᠭᠠᠨ ᠳᠤ ᠳᠡᠩᠳᠡᠭᠦᠤ ᠡᠷᠲᠡ | ᠠᠵᠢᠯ ᠠᠴᠠ ᠪᠠᠨ ᠠᠮᠠᠷᠠᠪᠠᠯ ᠶᠡᠭᠡ ᠲᠠᠷᠢᠬᠢᠨ ᠤ ᠠᠵᠢᠯᠯᠠᠭ᠎ᠠ ᠳᠤ ᠠᠰᠢᠭ ᠦᠭᠡᠢ ᠪᠠᠶᠢᠵᠤ ᠮᠡᠳᠡᠨ᠎ᠡ ᠬᠡᠵᠦ ᠵᠢᠭᠠᠵᠤ | ᠭᠠᠷᠭᠠᠪᠠ᠃ | ᠥᠩᠭᠡᠷᠡᠭᠰᠡᠨ ᠬᠡᠳᠦᠨ ᠠᠷᠪᠠᠨ ᠵᠢᠯ ᠳᠤ᠂ ᠳᠤᠮᠳᠠᠳᠤᠴᠤᠳ ᠤᠨ ᠵᠢᠱᠢᠭᠰᠡᠨ ᠨᠠᠰᠤᠨ ᠬᠤᠲᠤᠭ | ᠲᠣᠭᠲᠠᠭᠤᠨ ᠢᠶᠠᠷ ᠨᠡᠮᠡᠭᠳᠡᠬᠦ ᠶᠢᠨ ᠬᠠᠮᠲᠤ ᠦᠷᠡᠵᠢᠯ ᠤᠨ ᠨᠣᠷᠮ᠎ᠠ ᠪᠠᠭᠤᠷᠠᠵᠤ ᠢᠷᠡᠵᠡᠢ᠃ ᠡᠨᠡᠬᠦ ᠬᠤᠶᠠᠷ ᠵᠦᠢᠯ ᠤᠨ | ᠬᠠᠨᠳᠤᠰᠢ ᠨᠢ ᠳᠤᠮᠳᠠᠳᠤ ᠤᠯᠤᠰ ᠢ ᠤᠳᠠᠯ ᠦᠭᠡᠢ ᠨᠠᠰᠤᠵᠢᠯ ᠤᠨ ᠨᠡᠶᠢᠭᠡᠮ ᠳᠤ ᠣᠷᠣᠭᠤᠯᠬᠤ ᠳᠤ ᠬᠦᠷᠦᠭᠦᠯᠦᠭᠰᠡᠨ | ᠪᠤᠯᠬᠤᠷ ᠨᠠᠰᠤᠵᠢᠯ ᠤᠨ ᠠᠰᠠᠷᠠᠮᠵᠢ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠪᠣᠯ ᠪᠦᠬᠦ᠋ᠢᠯᠡ ᠨᠡᠶᠢᠭᠡᠮ ᠤᠨ | ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠪᠤᠯᠤᠨ᠎ᠠ᠃ ᠠᠵᠢᠯ ᠠᠴᠠ ᠪᠠᠨ ᠠᠮᠠᠷᠠᠬᠰᠠᠨ ᠵᠢᠴᠢ ᠨᠠᠰᠤᠵᠢᠯ ᠤᠨ ᠠᠰᠠᠷᠠᠮᠵᠢ | ᠬᠦᠷᠳᠡᠵᠦ ᠪᠠᠶᠢᠭ᠎ᠠ 60 ᠨᠠᠰᠤᠨ ᠠᠴᠠ ᠳᠡᠭᠡᠭᠰᠢᠬᠢ ᠬᠥᠮᠦᠰ ᠤᠨ ᠲᠠᠨᠢᠨ ᠮᠡᠳᠡᠬᠦᠢ ᠶᠢᠨ ᠴᠢᠳᠠᠮᠵᠢ ᠳᠤ ᠦᠵᠡᠭᠦᠯᠬᠦ | ᠨᠥᠯᠥᠭᠡ ᠶᠢ ᠪᠠᠶᠢᠴᠠᠭᠠᠬᠤ ᠶᠢᠨ ᠲᠥᠯᠥᠭᠡ᠂ ᠠᠮᠧᠷᠢᠺᠠ ᠶᠢᠨ ᠨᠢᠦ᠋ ᠶᠣᠷᠺ ᠵᠧᠤ ᠶᠢᠨ ᠶᠡᠭᠡ ᠰᠤᠷᠭᠠᠭᠤᠯᠢ ᠶᠢᠨ | ᠪᠢᠡᠭᠬᠠᠮᠲ᠋ᠤᠨ ᠬᠤᠪᠢᠶᠠᠷᠢ ᠰᠤᠷᠭᠠᠭᠤᠯᠢ ᠶᠢᠨ ᠰᠤᠳᠤᠯᠭᠠᠨ ᠤ ᠪᠦᠯᠬᠦᠮ ᠨᠢ ᠳᠤᠮᠳᠠᠳᠤ ᠤᠯᠤᠰ ᠤᠨ ᠡᠷᠡᠭᠦᠯ ᠮᠡᠨᠳᠦ | ᠬᠢᠭᠡᠳ ᠨᠠᠰᠤᠵᠢᠯ ᠤᠨ ᠠᠰᠠᠷᠠᠮᠵᠢ ᠳᠤ ᠬᠢᠭᠰᠡᠨ ᠮᠥᠷᠳᠡᠨ ᠪᠠᠶᠢᠴᠠᠭᠠᠯᠳᠠ ᠵᠢᠴᠢ ᠬᠥᠳᠡᠭᠡ ᠲᠣᠰᠬᠤᠨ ᠤ ᠰᠢᠨ᠎ᠡ | ᠮᠠᠶ᠋ᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠲᠤᠭ᠎ᠠ ᠪᠠᠷᠢᠮᠲᠠ ᠳᠤ ᠵᠠᠳᠠᠯᠤᠯᠳᠠ ᠬᠢᠵᠡᠢ᠂ ᠡᠮᠦᠨᠡᠬᠢ ᠨᠢ | ᠳᠤᠮᠳᠠᠳᠤ ᠤᠯᠤᠰ ᠤᠨ 45 ᠨᠠᠰᠤᠨ ᠠᠴᠠ ᠳᠡᠭᠡᠭᠰᠢᠬᠢ ᠬᠥᠮᠦᠰ ᠲᠤ ᠬᠢᠭᠰᠡᠨ ᠨᠢᠭᠡ ᠵᠦᠢᠯ ᠤᠨ ᠪᠥᠬᠦ ᠤᠯᠤᠰ ᠤᠨ | ᠴᠢᠨᠠᠷᠲᠠᠶ ᠪᠠᠶᠢᠴᠠᠭᠠᠯᠲᠠ ᠪᠣᠯᠤᠨ᠎ᠠ᠂ ᠡᠨᠡ ᠨᠢ ᠰᠤᠷᠪᠤᠯᠵᠢᠯᠠᠭ᠎ᠠ ᠬᠦᠯᠢᠶᠡᠭᠴᠢ ᠶᠢᠨ ᠲᠠᠨᠢᠨ ᠮᠡᠳᠡᠬᠦᠶ ᠴᠡᠭᠡᠵᠢᠯᠡᠬᠦᠶ ᠪᠠ | ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠰᠢᠯᠭᠠᠬᠤ ᠪᠠᠷ ᠵᠤᠷᠢᠯᠭ᠎ᠠ ᠪᠤᠯᠭᠠᠬᠰᠠᠨ ᠶᠤᠮ᠃ | ᠲᠤᠭ᠎ᠠ ᠪᠠᠷᠢᠮᠲᠠ ᠶᠢᠨ ᠵᠠᠳᠠᠯᠤᠯᠲᠠ ᠠᠴᠠ ᠨᠢᠭᠡᠨ ᠢᠯᠡᠷᠬᠡᠶ ᠬᠠᠨᠳᠤᠰᠢ ᠶᠢ ᠣᠯᠵᠤ ᠮᠡᠳᠡᠵᠡᠢ᠄ ᠠᠳᠠᠯᠢ | ᠨᠠᠰᠤᠨ ᠤ ᠲᠤᠷᠰᠢᠯᠲᠠ ᠳᠤ ᠣᠷᠣᠯᠴᠠᠭᠰᠠᠳ ᠤᠨ ᠳᠣᠲᠣᠷ᠎ᠠ᠂ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ | ᠪᠠᠶᠢᠭ᠎ᠠ ᠬᠦᠮᠦᠰ ᠤᠨ ᠶᠡᠭᠡ ᠲᠠᠷᠢᠬᠢᠨ ᠤ ᠴᠢᠳᠠᠮᠵᠢ ᠶᠢᠨ ᠮᠠᠭᠤᠳᠠᠯ ᠤᠨ ᠬᠤᠷᠳᠤᠴᠠ ᠨᠢ ᠠᠵᠢᠯᠯᠠᠵᠤ ᠪᠠᠶᠢᠭ᠎ᠠ | ᠬᠥᠮᠦᠨ ᠤ ᠬᠢ ᠠᠴᠠ ᠬᠤᠯᠠ ᠬᠤᠷᠳᠤᠨ ᠪᠠᠶᠢᠨ᠎ᠠ᠂ ᠲᠡᠭᠦᠨ ᠳᠤ ᠬᠠᠮᠤᠭ ᠤᠨ ᠢᠯᠡᠷᠬᠡᠶ ᠲᠠᠨᠢᠨ ᠮᠡᠳᠡᠬᠦᠢ ᠶᠢᠨ ᠢᠯᠡᠷᠡᠯ | ᠪᠤᠯ ᠡᠷᠭᠢᠴᠡᠭᠦᠯᠬᠦ ᠴᠢᠳᠠᠪᠤᠷᠢ ᠨᠢ ᠳᠣᠷᠣᠭᠰᠢᠯᠠᠭᠰᠠᠨ ᠶᠠᠪᠤᠳᠠᠯ ᠪᠣᠯᠤᠨ᠎ᠠ᠂ ᠡᠨᠡᠬᠦ ᠣᠨᠴᠠᠯᠢᠭ ᠢ ᠮᠡᠨᠡᠭ | ᠡᠪᠡᠳᠴᠢᠨ ᠢᠶᠠᠷ ᠤᠷᠢᠳᠴᠢᠯᠠᠨ ᠮᠠᠭᠠᠳᠯᠠᠬᠤ ᠪᠠᠷᠢᠮᠵᠢᠶ᠎ᠠ ᠭᠡᠵᠦ ᠥᠷᠭᠡᠨ ᠢᠶᠠᠷ ᠦᠵᠡᠵᠦ ᠪᠤᠢ᠃ ᠬᠦᠮᠦᠰ ᠢ | ᠭᠠᠶᠢᠬᠠᠰᠢ ᠠᠯᠳᠠᠭᠤᠯᠤᠮ᠎ᠠ ᠶᠠᠪᠤᠳᠠᠯ ᠭᠡᠪᠡᠯ᠂ ᠡᠮᠡᠭᠲᠡᠶ ᠬᠥᠮᠦᠨ ᠳᠡᠩᠳᠡᠭᠦᠤ ᠡᠷᠲᠡ ᠠᠵᠢᠯ ᠠᠴᠠ ᠪᠠᠨ ᠠᠮᠠᠷᠠᠪᠠᠯ᠂ | ᠲᠠᠨᠢᠨ ᠮᠡᠳᠡᠬᠦᠢ ᠶᠢᠨ ᠴᠢᠳᠠᠮᠵᠢ ᠨᠠᠩ ᠬᠦᠨᠳᠦ ᠨᠣᠴᠢᠲᠠᠶ ᠮᠠᠭᠤᠳᠠᠬᠤ ᠪᠤᠯᠤᠮᠵᠢ ᠲᠠᠢ ᠪᠠᠶᠢᠨ᠎ᠠ᠃ | ᠰᠤᠳᠤᠯᠭᠠᠨ ᠤ ᠵᠣᠬᠢᠶᠠᠭᠴᠢ᠂ ᠠᠵᠤ ᠠᠬᠤᠢ ᠶᠢᠨ ᠤᠬᠠᠭᠠᠨ ᠤ ᠲᠤᠰᠠᠯᠠᠭᠴᠢ ᠫᠷᠣᠫᠧᠰᠰᠤᠷ ᠫᠯᠠᠮᠧᠨ · | ᠨᠢᠺᠤᠯᠤᠨ ᠬᠡᠯᠡᠬᠦ ᠳᠡᠭᠡᠨ᠂ ᠲᠣᠰ ᠰᠤᠳᠤᠯᠭᠠᠨ ᠤ ᠳ᠋ᠦᠩᠨᠡᠯᠲᠡ ᠨᠢ ᠠᠮᠧᠷᠢᠺᠠ ᠪᠠ ᠧᠦ᠋ᠷᠣᠫᠠ ᠶᠢᠨ ᠬᠤᠯᠪᠣᠭ᠎ᠠ ᠳᠤ | ᠬᠢᠭᠰᠡᠨ ᠰᠤᠳᠤᠯᠭᠠᠨ ᠤ ᠦᠷ᠎ᠡ ᠳ᠋ᠦᠩ ᠲᠠᠢ ᠠᠳᠠᠯᠢᠪᠲᠤᠷ ᠪᠠᠶᠢᠨ᠎ᠠ᠂ ᠡᠭᠦᠨ ᠠᠴᠠ ᠦᠵᠡᠬᠦ ᠳᠤ᠂ ᠡᠨᠡᠬᠦ | ᠬᠠᠨᠳᠤᠰᠢ ᠨᠢ ᠵᠥᠪᠬᠡᠨ ᠠᠽᠢᠶ᠎ᠠ ᠲᠢᠪ ᠲᠤ ᠬᠢᠵᠠᠭᠠᠷᠯᠠᠭᠳᠠᠬᠤ ᠲᠡᠳᠦᠢ ᠪᠢᠰᠢ ᠭᠡᠵᠡᠶ᠃ ᠠᠵᠢᠯ ᠠᠴᠠ ᠪᠠᠨ | ᠠᠮᠠᠷᠠᠬᠤ ᠨᠢ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠡᠳᠦᠶ ᠲᠡᠳᠦᠶ ᠢᠳᠡᠪᠬᠢᠲᠡᠢ ᠨᠥᠯᠥᠭᠡ | ᠦᠵᠡᠬᠦᠯᠳᠡᠭ᠂ ᠵᠢᠱᠢᠶᠡᠯᠡᠪᠡᠯ ᠤᠨᠲᠠᠬᠤ ᠨᠦᠢᠷ ᠢᠶᠠᠨ ᠰᠠᠶᠢᠵᠢᠷᠠᠭᠤᠯᠬᠤ᠂ ᠳᠠᠷᠤᠯᠲᠠ ᠶᠢ ᠪᠠᠭᠠᠰᠬᠠᠬᠤ ᠪᠠ ᠠᠷᠢᠬᠢ | ᠤᠤᠭᠤᠬᠤ ᠵᠡᠷᠭᠡ ᠪᠣᠯᠤᠨ᠎ᠠ᠃ ᠠᠵᠢᠯ ᠠᠴᠠ ᠪᠠᠨ ᠠᠮᠠᠷᠠᠬᠤ ᠶᠢᠨ ᠵᠡᠷᠭᠡᠪᠡᠷ ᠪᠠᠰᠠ ᠨᠡᠶᠢᠭᠡᠮ ᠤᠨ ᠬᠠᠷᠢᠯᠴᠠᠭ᠎ᠠ ᠪᠠ | ᠬᠦᠮᠦᠨ ᠤ ᠬᠤᠭᠤᠷᠤᠨᠳᠤᠬᠢ ᠶᠠᠪᠤᠯᠴᠠᠭ᠎ᠠ ᠨᠡᠪᠲᠡᠷᠡᠯᠴᠡᠭᠡ ᠪᠠᠭᠠᠰᠬᠤ ᠶᠢ ᠳᠠᠭᠠᠯᠳᠤᠨ᠂ ᠲᠠᠨᠢᠨ ᠮᠡᠳᠡᠬᠦᠢ ᠶᠢᠨ | ᠴᠢᠳᠠᠮᠵᠢ ᠳᠤ ᠨᠡᠯᠢᠶᠡᠳ ᠶᠡᠭᠡ ᠨᠠᠵᠠᠭᠠᠶ ᠨᠥᠯᠥᠭᠡ ᠶᠢ ᠪᠣᠢ ᠪᠣᠯᠭᠠᠳᠠᠭ᠃ ᠰᠤᠳᠤᠯᠭᠠᠨ ᠤ ᠠᠵᠢᠯᠲᠠᠨ᠄ ᠨᠡᠶᠢᠭᠡᠮ | ᠲᠣᠭᠤᠷᠢᠭ ᠤᠨ ᠬᠢᠨ ᠠᠵᠢᠯ ᠠᠴᠠ ᠠᠮᠠᠷᠠᠬᠰᠠᠨ ᠬᠦᠮᠦᠰ ᠲᠤ ᠨᠡᠶᠢᠭᠡᠮ ᠤᠨ ᠬᠠᠷᠢᠯᠴᠠᠭᠠᠨ ᠤ ᠴᠤᠭᠯᠠᠭᠠᠨ ᠪᠠ | ᠶᠠᠷᠢᠯᠴᠠᠬᠤ ᠬᠤᠷᠠᠯ ᠬᠢᠬᠦ ᠵᠡᠷᠭᠡ ᠠᠵᠢᠯᠯᠠᠭ᠎ᠠ ᠦᠷᠨᠢᠬᠦᠯᠵᠦ᠂ ᠨᠠᠰᠤᠳᠠᠶᠢᠴᠤᠳ ᠤᠨ ᠨᠡᠶᠢᠭᠡᠮ ᠤᠨ ᠬᠠᠷᠢᠯᠴᠠᠨ | ᠦᠢᠯᠡᠳᠦᠯᠴᠡᠯ ᠢ ᠴᠢᠩᠭᠠᠳᠬᠠᠬᠤ ᠶᠢ ᠰᠠᠨᠠᠭᠤᠯᠵᠤ ᠪᠠᠶᠢᠨ᠎ᠠ᠃ | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠠᠷᠠᠳ ᠤᠨ ᠰᠦᠯᠵᠢᠶ᠎ᠡ | |