ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠴᠠᠭᠠᠨ ᠰᠠᠷ᠎ᠠ ᠠᠴᠠ ᠡᠮᠦᠨ᠎ᠡ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020-01-17
   1 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠵᠡᠪᠰᠡᠭᠲᠦ ᠬᠦᠴᠦᠨ ᠤ ᠬᠡᠯᠲᠡᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠣᠨᠴᠠ ᠬᠦᠴᠢᠷᠳᠡᠯᠲᠡᠶ ᠪᠠᠭᠰᠢ ᠪᠣᠯᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠦ᠋ ᠸᠧᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠨ ᠪᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠳ᠋ᠦᠩ ᠱᠧᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ ᠨᠠᠷ ᠪᠠᠷ᠎ᠠ ᠪᠣᠯᠵᠣ ᠲᠣᠬᠤᠨᠢᠭᠤᠯᠪᠠ᠃
   ᠸᠠᠩ ᡁᠢ ᠶᠦᠩ ᠨᠡᠷ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠠᠶ ᠭᠤᠸᠠᠩ ᠰᠢᠩ ᠤᠨ ᠬᠡᠷ ᠲᠤ ᠬᠦᠷᠴᠦ᠂ ᠠᠬᠠᠮᠠᠳ ᠨᠦᠬᠦᠷ ᠨᠠᠷ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠵᠣᠪᠠᠯ ᠵᠦᠳᠡᠭᠦᠷᠢ ᠶᠢ ᠨᠢ ᠠᠰᠠᠭᠤᠵᠤ᠂ ᠪᠡᠶ᠎ᠡ ᠮᠠᠬᠠᠪᠤᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠨᠠᠰᠤᠲᠠᠨ ᠤ ᠰᠠᠨᠠᠯ ᠢ ᠨᠠᠷᠢᠨ  ᠨᠢᠮᠪᠠᠢ ᠰᠣᠨᠣᠰᠬᠤ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠭᠰᠡᠨ ᠪᠠ ᠠᠬᠠᠮᠠᠳ ᠺᠠᠳ᠋ᠷᠴᠤᠳ ᠤᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠴᠤ᠂ ᠦᠢᠯᠡᠳᠦᠯ ᠢᠶᠠᠨ ᠦᠷᠬᠦᠯᠵᠢᠯᠡᠨ ᠪᠠᠳᠠᠷᠠᠭᠤᠯᠬᠤ ᠶᠢ ᠬᠦᠰᠡᠪᠡ᠃
   ᠸᠠᠩ ᡁᠢ ᠶᠦᠩ ᠨᠡᠷ ᠪᠠᠰᠠ ᠣᠨᠴᠠ ᠬᠦᠴᠢᠷᠳᠡᠯᠲᠡᠢ ᠪᠠᠭᠰᠢ ᠭᠤᠤ ᠰᠢᠶᠤᠤ ᠪᠢᠩ ᠪᠣᠯᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠳᠠᠨ ᠹᠠᠨ ᠬᠠᠢ ᠶᠢᠨ ᠭᠡᠷ ᠲᠤ ᠬᠦᠷᠴᠦ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠣᠷᠢᠭᠵᠢᠭᠤᠯᠬᠤ ᠶᠢᠨ ᠬᠠᠮᠲᠤ ᠪᠠᠰᠠ ᠪᠡᠶ᠎ᠡ ᠪᠠᠨ ᠭᠠᠮᠨᠠᠭᠠᠷᠠᠢ ᠭᠡᠵᠦ ᠵᠣᠷᠢᠭᠵᠢᠭᠤᠯᠪᠠ᠃ ᠲᠡᠷᠡᠴᠢᠯᠡᠨ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠬᠦᠴᠢᠷᠳᠡᠯᠲᠡᠢ ᠬᠡᠷ ᠪᠦᠯᠢ ᠶᠢ  ᠦᠷᠬᠦᠯᠵᠢᠯᠡᠨ ᠬᠠᠯᠠᠮᠵᠢᠯᠠᠨ ᠲᠡᠳᠬᠦᠵᠦ᠂ ᠶᠠᠳᠠᠭᠤ ᠬᠦᠴᠢᠷᠳᠡᠯᠲᠡᠢ ᠪᠠᠭᠰᠢ ᠶᠢᠨ ᠪᠣᠳᠠᠲᠠᠢ ᠬᠦᠴᠢᠷᠳᠡᠯ ᠢ ᠠᠯᠢ ᠴᠢᠳᠠᠬᠤ ᠪᠠᠷ ᠰᠢᠢᠳᠪᠦᠷᠢᠯᠡᠵᠦ᠂ ᠲᠡᠳᠡᠨ ᠢ ᠬᠠᠪᠰᠤᠷᠤᠨ ᠠᠮᠢᠳᠤᠷᠠᠯ ᠤᠨ ᠬᠦᠴᠢᠷᠳᠡᠯ ᠠᠴᠠ ᠡᠷᠳᠡᠬᠡᠨ ᠠᠩᠭᠢᠵᠢᠷᠠᠭᠤᠯᠬᠤ ᠪᠣᠯᠤᠨ᠎ᠠ ᠭᠡᠵᠦ ᠢᠯᠡᠳᠬᠡᠪᠡ᠃
  ᠸᠠᠩ ᡁᠢ ᠶᠦᠩ ᠪᠠᠰᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠲᠣᠬᠤᠨᠢᠭᠤᠯᠵᠤ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠦᠵᠡᠭᠰᠡᠨ ᠪᠥᠭᠡᠳ ᠥᠩᠭᠡᠷᠡᠭᠰᠡᠨ ᠨᠢᠭᠡ ᠵᠢᠯ ᠳᠤ᠂ ᠹᠧᠩᠵᠧᠨ ᠬᠤᠳᠠ ᠶᠢᠨ ᠠᠵᠤ ᠠᠬᠤᠢ ᠨᠡᠶᠢᠭᠡᠮ ᠤᠨ ᠦᠢᠯᠡᠰ ᠤᠨ ᠣᠯᠤᠭᠰᠠᠨ ᠠᠮᠵᠢᠯᠲᠠ ᠪᠦᠲᠦᠮᠵᠢ ᠨᠢ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠳᠡᠮᠵᠢᠯᠭᠡ ᠬᠠᠪᠰᠤᠷᠤᠯᠭ᠎ᠠ ᠲᠠᠢ ᠰᠠᠯᠤᠰᠢ ᠦᠭᠡᠢ ᠨᠢᠭᠲᠠ ᠬᠤᠯᠪᠣᠭ᠎ᠠ ᠲᠠᠢ ᠪᠠᠶᠢᠵᠤ᠂ ᠰᠠᠭᠤᠭ᠎ᠠ ᠭᠠᠵᠠᠷ ᠤᠨ ᠴᠡᠷᠢᠭ ᠠᠩᠬᠢ ᠶᠢᠨ ᠤᠷᠳᠤ ᠬᠤᠭᠤᠴᠠᠭᠠᠨ ᠤ ᠲᠤᠷᠰᠢ ᠹᠧᠩᠵᠧᠨ ᠬᠤᠳᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠨ᠎ᠡ ᠨᠢᠭᠡ ᠵᠢᠯ ᠳᠤ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠬᠤᠶᠠᠷ ᠢ ᠬᠦᠷᠢᠶᠡᠯᠡᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃                            ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3