| ᠣᠶᠢᠷ᠎ᠠ ᠳᠤ᠂ ᠹᠧᠩᠵᠧᠨ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠦᠬᠡᠮᠡᠯᠵᠢᠬᠦᠯᠦᠯᠳᠡ ᠶᠢᠨ ᠠᠯᠪᠠᠨ ᠬᠡᠷ ᠤᠨ ᠥᠪᠥᠷ ᠮᠣᠩᠭᠤᠯ ᠤᠨ ︽ᠳᠣᠯᠣᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠲᠡᠷᠢᠭᠦᠨ ᠤ | ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠬᠦᠬᠢᠭᠦᠯᠦᠭᠳᠡᠵᠦ᠂ ᠤᠯᠠᠭᠠᠨᠴᠠᠪ ᠬᠤᠲᠠ ᠶᠢᠨ ᠴᠣᠷ ᠤᠨ | ᠭᠠᠭᠴᠠ ᠬᠥᠬᠢᠭᠦᠯᠦᠯ ᠭᠥᠷᠳᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠪᠠ᠃ | ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠡᠬᠢᠯᠡᠭᠦᠯᠦᠭᠰᠡᠨ ᠠᠴᠠ ᠨᠠᠰᠢ᠂ ᠹᠧᠩᠵᠧᠨ ᠬᠤᠳᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠬᠡᠮᠡᠯᠵᠢᠬᠦᠯᠬᠦ ᠪᠠ ᠬᠠᠤᠯᠢ ᠶᠣᠰᠣᠭᠠᠷ ᠵᠠᠰᠠᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠤᠳᠤᠷᠢᠳᠤᠯᠭ᠎ᠠ ᠶᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ᠨᠡᠪᠳᠡᠷᠡᠭᠦᠯᠦᠨ᠂ ᠬᠠᠤᠯᠢ | ᠪᠠᠷ ᠵᠠᠰᠠᠬᠤ ᠪᠦᠬᠦᠶᠢᠯᠡ ᠶᠠᠪᠤᠴᠠ ᠪᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠶᠢ | ᠴᠢᠩᠭ᠎ᠠ ᠬᠡᠷᠡᠭᠵᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠠᠤᠯᠢ ᠪᠠᠷ ᠵᠠᠰᠠᠬᠤ ᠦᠢᠯᠡᠳᠦᠯᠭᠡ ᠪᠠᠷ | ᠴᠢᠨᠠᠷ ᠰᠠᠶᠢᠲᠠᠢ ᠠᠮᠢᠳᠤᠷᠠᠯ ᠢ ᠴᠣᠭᠴᠠᠯᠠᠪᠠ᠃ ᠬᠠᠤᠯᠢ ᠶᠢ ᠤᠨᠢᠨ ᠳᠡᠭᠡᠷ᠎ᠡ ᠨᠢ ᠲᠦᠭᠡᠮᠡᠯᠵᠢᠭᠦᠯᠬᠦ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠥᠷᠭᠡᠴᠡ ᠶᠢ ᠥᠷᠭᠡᠳᠬᠡᠬᠦ ᠳᠡᠭᠡᠷ᠎ᠡ | ᠬᠦᠴᠦ ᠲᠠᠯᠪᠢᠪᠠ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠪᠠᠷ ᠳᠡᠪᠰᠢᠭᠦᠯᠦᠨ ᠲᠤᠮᠢᠯᠠᠬᠰᠠᠨ ᠰᠢᠶᠠᠨ ᠤ ᠱᠠᠲᠤᠨ ᠤ ᠺᠠᠳ᠋ᠷ ᠪᠠ ᠪᠡᠯᠡᠳᠬᠡᠯ ᠺᠠᠳ᠋ᠷ ᠲᠤ ᠨᠠᠮ ᠤᠨ ᠰᠠᠬᠢᠯᠭ᠎ᠠ | ᠪᠠᠲᠤ ᠨᠠᠮ ᠤᠨ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠰᠢᠯᠭᠠᠯᠲᠠ ᠬᠢᠪᠡ᠃ ︽ | ᠵᠠᠩᠭᠢᠯᠠᠭ᠎ᠠ ᠶᠢᠨ ᠬᠤᠭᠤᠴᠠᠭ᠎ᠠ︾ ᠶᠢ ᠠᠳᠬᠤᠵᠤ᠂ ᠳᠠᠭᠤᠷᠢᠶᠠᠮᠠᠯ ᠰᠢᠭᠦᠬᠦ ᠲᠢᠩᠬᠢᠮ᠂ ᠬᠠᠤᠯᠢ ᠪᠠᠷ ᠵᠠᠰᠠᠬᠤ ᠶᠠᠷᠢᠶ᠎ᠠ | ᠢᠯᠡᠳᠬᠡᠯ᠂ ︽ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠵᠢᠱᠢᠶ᠎ᠡ ᠦᠵᠡᠭᠦᠯᠬᠦ ᠰᠤᠷᠭᠠᠭᠤᠯᠢ︾ ᠶᠢ ᠡᠭᠦᠳᠦᠨ | ᠪᠠᠶᠢᠭᠤᠯᠬᠤ ᠵᠡᠷᠭᠡ ᠠᠵᠢᠯᠯᠠᠭ᠎ᠠ ᠶᠢ ᠢᠳᠡᠪᠬᠢᠳᠡᠢ ᠦᠷᠨᠢᠬᠦᠯᠪᠡ᠃ ︽ᠪᠠᠭᠤᠷᠠᠶᠢᠴᠤᠳ︾ ᠢ ᠠᠩᠬᠠᠷᠴᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠭᠠᠷ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠢ | ᠰᠦᠢᠳᠭᠡᠯ ᠬᠤᠷᠢᠶᠠᠬᠤ ᠦᠭᠡᠢ ᠪᠠᠷ 20 ᠭᠠᠷᠤᠶ ᠲᠦᠮᠡᠨ ᠳᠡᠪᠲᠡᠷ ᠲᠡᠷᠬᠠᠭᠠᠪᠠ᠃ ︽ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠠᠷᠢᠶᠠᠨ ᠤ ᠲᠢᠩᠭᠢᠮ︾᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ | ᠵᠡᠷᠭᠡ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠨᠠᠷᠢᠨ ᠨᠢᠮᠪᠠᠶ ᠪᠣᠶ ᠪᠣᠯᠭᠠᠵᠤ᠂ ᠬᠤᠲᠠ ᠶᠢᠨ ᠠᠷᠠᠳ ᠲᠤ | ᠡᠯᠪᠡᠭ ᠪᠠᠶᠠᠯᠢᠭ ︽ᠬᠠᠤᠯᠢ ᠪᠠᠷ ᠵᠠᠰᠠᠬᠤ ᠠᠰᠢᠭ︾ ᠬᠦᠷᠳᠡᠭᠡᠪᠡ᠃ | ᠤᠷᠴᠢᠭᠤᠯᠤᠬᠴᠢ᠄ ᠼᠦᠢ ᠶᠢᠩ |