| 2019 ᠣᠨ ᠳᠤ᠂ ᠹᠧᠩᠵᠧᠨ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠲᠠᠭᠠᠳᠬᠠᠯ ᠤᠨ ᠵᠠᠷᠤᠳᠠᠯ ︵ᠨᠠᠷᠢᠯᠢᠭ ᠤᠨᠤᠪᠴᠢᠳᠠᠢ ᠪᠠᠷ ᠢᠯᠭᠠᠨ ᠲᠠᠨᠢᠬᠤ ᠶᠠᠳᠠᠭᠤ | ᠬᠦᠴᠢᠷᠳᠡᠯᠲᠡᠶ ᠬᠥᠮᠦᠰ ᠢ ᠪᠠᠭᠲᠠᠭᠠᠨ᠎ᠠ︶ ᠤᠨ ᠣᠷᠣᠯᠭ᠎ᠠ 1.6 ᠳ᠋ᠦᠩᠰᠢᠭᠤᠷ ᠲᠥᠭᠦᠷᠢᠭ᠂ ᠪᠥᠬᠦ ᠵᠢᠯ ᠤᠨ | ᠵᠠᠷᠤᠯᠭ᠎ᠠ 2.22 ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ᠄ 2.11 ᠲᠦᠮᠡᠨ ᠬᠥᠮᠦᠨ ᠤ ᠡᠩ ᠤᠨ | ᠡᠮᠨᠡᠯᠭᠡ ᠳᠤ ᠰᠠᠭᠤᠭᠰᠠᠨ ᠵᠠᠷᠤᠳᠠᠯ ᠤᠨ ᠵᠠᠷᠤᠯᠭ᠎ᠠ 1.91 ᠳ᠋ᠦᠩᠰᠢᠭᠤᠷ ᠲᠥᠭᠦᠷᠢᠭ᠂ 3337 ᠲᠦᠮᠡᠨ ᠨᠠᠷᠢᠯᠢᠭ | ᠤᠨᠤᠪᠴᠢᠳᠡᠢ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠶ ᠬᠥᠮᠦᠰ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ | ᠵᠠᠷᠤᠯᠭ᠎ᠠ 2880 ᠲᠦᠮᠡᠨ ᠲᠥᠭᠦᠷᠢᠭ᠂ 4452 ᠲᠦᠮᠡᠨ ᠬᠥᠮᠦᠨ ᠤ ᠤᠳᠠᠭᠠᠨ ᠴᠢᠨᠠᠷᠲᠠᠶ ᠡᠪᠡᠳᠴᠢᠨ ᠤ | ᠵᠠᠷᠤᠳᠠᠯ ᠤᠨ ᠵᠠᠷᠤᠯᠭ᠎ᠠ 569 ᠲᠦᠮᠡᠨ ᠲᠥᠭᠦᠷᠢᠭ᠂ ᠡᠩ ᠤᠨ ᠡᠭᠦᠳᠡᠨ ᠡᠮᠨᠡᠯᠭᠡ ᠶᠢᠨ ᠵᠠᠷᠤᠯᠭ᠎ᠠ 980 ᠲᠦᠮᠡᠨ | ᠲᠥᠭᠦᠷᠢᠭ ᠪᠠᠶᠢᠵᠦ᠂ ᠪᠥᠬᠦ ᠵᠢᠯ ᠳᠤ ᠨᠡᠶᠢᠲᠡ 12 ᠲᠦᠮᠡᠨ ᠬᠥᠮᠦᠨ ᠬᠠᠷᠠᠭᠠᠯᠵᠠᠯ ᠭᠥᠷᠳᠡᠪᠡ᠃ | ᠹᠧᠩᠵᠧᠨ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ︵ᠳᠠᠮᠫᠤᠷᠠᠭᠰᠠᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠪᠠᠭᠲᠠᠨ᠎ᠠ | ︶ ᠤᠨ ᠣᠷᠣᠯᠭ᠎ᠠ 1.43 ᠳ᠋ᠦᠩᠰᠢᠭᠤᠷ ᠲᠥᠭᠦᠷᠢᠭ ᠪᠠᠶᠢᠵᠤ᠂ ᠪᠦᠬᠦ ᠵᠢᠯ ᠤᠨ ᠵᠠᠷᠤᠯᠭ᠎ᠠ 1.06 ᠳ᠋ᠦᠩᠰᠢᠭᠤᠷ | ᠲᠥᠭᠦᠷᠢᠭ ᠪᠣᠯᠤᠨ᠎ᠠ᠃ ᠡᠭᠦᠨ ᠳᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠵᠠᠷᠤᠯᠭ᠎ᠠ 6651 ᠲᠦᠮᠡᠨ | ᠲᠥᠭᠦᠷᠢᠭ᠂ ᠬᠤᠪᠢ ᠬᠥᠮᠦᠨ ᠤ ᠳᠠᠩᠰᠠᠨ ᠡᠷᠦᠬᠡ ᠶᠢᠨ ᠵᠠᠷᠤᠯᠭ᠎ᠠ 3913 ᠲᠦᠮᠡᠨ ᠲᠥᠭᠦᠷᠢᠭ ᠪᠣᠯᠤᠨ᠎ᠠ᠃ | 2019 ᠣᠨ ᠤ ᠡᠴᠦᠰ ᠪᠣᠯᠬᠤ ᠳᠤ᠂ ᠬᠤᠷᠠᠮᠳᠤᠯ ᠦᠯᠡᠳᠡᠪᠦᠷᠢ 1.60 ᠳ᠋ᠦᠩᠰᠢᠭᠤᠷ ᠲᠥᠭᠦᠷᠢᠭ ᠲᠤ ᠬᠦᠷᠴᠦ᠂ | ᠨᠡᠶᠢᠲᠡ 27 ᠲᠦᠮᠡᠨ ᠬᠥᠮᠦᠨ ᠬᠠᠷᠠᠭᠠᠯᠵᠠᠯ ᠭᠥᠷᠳᠡᠪᠡ᠃ | ᠤᠷᠴᠢᠭᠤᠯᠤᠬᠴᠢ᠄ ᠼᠦᠢ ᠶᠢᠩ | |