| 1 ᠰᠠᠷ᠎ᠠ ᠶᠢᠨ 26 ᠤ ᠡᠳᠦᠷ ᠤᠨ ᠪᠢᠯᠢᠭ ᠤᠨ ᠤᠯᠠᠷᠢᠯ ᠤᠨ ᠴᠠᠭᠠᠨ ᠰᠠᠷ᠎ᠠ ᠵᠢᠨᠰᠢᠨ᠎ᠡ ᠶᠢᠨ ᠬᠤᠶᠠᠷ ᠤᠨ ᠡᠳᠦᠷ᠂ | ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ | ᠶᠦᠩ ᠹᠧᠩᠵᠧᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠹᠧᠩᠵᠧᠨ ᠬᠤᠲᠠ ᠶᠢᠨ | ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ᠂ ᠹᠯᠣᠷᠲᠤ ᠠᠵᠦ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠹᠦ᠋ ᠵᠢᠶᠦ᠋ᠨ ᠸᠧᠨ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ | ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠠᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠠᠷ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠹᠧᠩᠵᠧᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠳᠠᠨ | ᠤᠶᠢᠷ᠎ᠠ ᠶᠢᠨ ᠨᠢᠭᠡ ᠱᠠᠲᠤᠨ ᠤ ᠪᠥᠬᠦ ᠬᠤᠲᠠ ᠶᠢᠨ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠤᠶᠢᠯᠠᠭᠠᠵᠦ ᠵᠢᠭᠰᠠᠭᠠᠨ | ᠪᠠᠶᠢᠴᠠᠭᠠᠭᠰᠠᠨ ᠪᠠᠶᠢᠳᠠᠯ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠨᠡᠪᠲᠡᠷᠡᠭᠦᠯᠪᠡ︔ | ᠹᠦ᠋ ᠵᠢᠶᠦ᠋ᠨ ᠸᠧᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠤᠪᠸᠢ ᠨᠤᠲᠤᠭ ᠲᠠᠢ | ᠠᠵᠢᠯᠲᠠᠨ ᠠᠵᠢᠯᠴᠢᠨ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ | ᠲᠠᠨᠢᠯᠴᠠᠭᠤᠯᠪᠠ︔ ᠶᠣᠣ ᡁᠢ ᠵᠢᠶᠧ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠤᠯᠠᠭᠠᠨᠴᠠᠪ ᠬᠤᠲᠠ ᠶᠢᠨ ᠪᠠᠴᠢᠮ ᠮᠡᠳᠡᠭᠳᠡᠯ︾ ᠢ ᠤᠯᠠᠮᠵᠢᠯᠠᠪᠠ᠃ | | ᠸᠠᠩ ᡁᠢ ᠶᠦᠩ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠪᠥᠬᠦ ᠤᠯᠤᠰ ᠤᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠮᠠᠨ ᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠪᠠ ᠳᠡᠯᠭᠡᠷᠡᠬᠦ ᠶᠢ ᠰᠡᠷᠭᠡᠶᠢᠯᠡᠵᠦ᠂ ᠹᠧᠩᠵᠧᠨ | ᠬᠤᠲᠠ ᠶᠢᠨ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠸᠠᠩ ᡁᠢ ᠶᠦᠩ ᠴᠢᠬᠤᠯᠠᠴᠢᠯᠠᠭᠰᠠᠨ ᠨᠢ᠂ ᠡᠮᠦᠨᠡᠬᠢ ᠬᠤᠭᠤᠴᠠᠭᠠᠨ ᠤ ᠨᠣᠮ ᠤᠨ ᠰᠠᠩ᠂ ᠤᠮᠪᠠᠯᠲᠠ ᠶᠢᠨ ᠣᠷᠳᠣᠨ᠂ | ᠲᠤᠤᠷ ᠪᠦᠮᠪᠦᠬᠡᠨ ᠤ ᠣᠷᠳᠣᠨ᠂ ᠺᠢᠨᠣ᠋ ᠵᠦᠴᠦᠭᠡ ᠶᠢᠨ ᠲᠢᠶᠠᠲᠷ᠂ ᠰᠦᠯᠵᠢᠶᠡᠨ ᠤ ᠪᠠᠭᠠᠷ᠂ KTV᠂ ᠳᠠᠭᠤᠤ ᠪᠥᠵᠢᠭ ᠤᠨ | ᠲᠢᠩᠬᠢᠮ᠂ ᠪᠡᠶ᠎ᠡ ᠤᠬᠢᠶᠠᠬᠤ ᠲᠥᠪ᠂ ᠦᠵᠡᠮᠵᠢ ᠶᠢᠨ ᠣᠷᠣᠨ ᠪᠠ ᠱᠠᠰᠢᠨ ᠰᠤᠷᠲᠠᠬᠤᠨ ᠤ ᠲᠠᠯᠠᠪᠤᠷ ᠵᠡᠷᠭᠡ ᠤᠯᠠᠨ ᠤ | ᠴᠤᠬᠯᠠᠭᠠᠨ ᠤ ᠲᠠᠯᠠᠪᠤᠷ ᠣᠷᠳᠣᠨ ᠵᠢᠴᠢ ᠬᠡᠭᠡᠷ᠎ᠡ ᠶᠢᠨ ᠠᠮᠢᠲᠠᠨ᠂ ᠠᠮᠢᠳᠤ ᠵᠢᠭᠦᠷᠲᠡᠨ ᠢ ᠪᠤᠷᠤᠯᠠᠭᠤᠯᠬᠤ ᠲᠠᠯᠠᠪᠤᠷ ᠭᠠᠵᠠᠷ ᠢ | ᠪᠢᠳᠡᠭᠦᠮᠵᠢᠯᠡᠭᠰᠡᠨ ᠰᠠᠭᠤᠷᠢᠨ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠲᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠡᠭᠦᠷᠭᠡ ᠴᠢᠳᠠᠮᠵᠢᠳᠤ ᠰᠠᠯᠠᠭ᠎ᠠ ᠮᠥᠴᠢᠷ ᠠᠴᠠ ᠪᠠᠶᠢᠩᠭᠤ ᠶᠢᠨ ᠴᠢᠨᠠᠷᠲᠠᠶ ᠪᠠᠶᠢᠴᠠᠭᠠᠯᠲᠠ ᠬᠢᠵᠦ᠂ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ | ᠲᠦᠷᠦᠭᠦᠯᠡᠨ᠂ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠬᠠᠮᠵᠢᠯᠴᠠᠨ | 208 ᠤᠯᠤᠰ ᠤᠨ ᠵᠠᠮ ᠪᠠ ᠶᠦᠨ ᠹᠧᠩ ᠵᠠᠮ ᠤᠨ ᠳ᠋ᠠᠲ᠋ᠦ᠋ᠩ ᠴᠢᠭᠯᠡᠯ ᠢᠶᠠᠷ ᠮᠠᠨ ᠤ ᠬᠤᠲᠠ ᠳᠤ ᠣᠷᠣᠬᠤ ᠡᠭᠦᠳᠡ ᠵᠢᠴᠢ | ᠬᠦ᠋ ᠶᠠᠩ ᠵᠠᠮ ᠢᠶᠠᠷ ᠮᠠᠨ ᠤ ᠬᠤᠲᠠ ᠳᠤ ᠣᠷᠣᠬᠤ ᠡᠭᠦᠳᠡ ᠶᠢ ᠪᠢᠳᠡᠭᠦᠮᠵᠢᠯᠡᠨ᠎ᠡ︔ ᠬᠤᠯᠠ ᠵᠠᠮ ᠤᠨ ᠮᠠᠰᠢᠨ ᠲᠡᠷᠭᠡᠨ | ᠥᠷᠲᠡᠭᠡ ᠶᠢ ᠪᠠᠳᠡᠬᠦᠮᠵᠢᠯᠡᠵᠦ᠂ ᠮᠤᠵᠢ ᠶᠢᠨ ᠬᠤᠭᠤᠷᠣᠨᠳᠣ᠂ ᠰᠢᠶᠠᠨ ᠤ ᠬᠤᠭᠤᠷᠤᠨᠳᠤᠬᠢ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠲᠡᠷᠭᠡ ᠶᠢ ᠵᠤᠬᠰᠤᠭᠠᠨ᠎ᠠ᠃ ᠮᠠᠨ ᠤ ᠬᠤᠲᠠ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠣᠷᠣᠬᠤ ᠡᠭᠦᠳᠡ᠂ | ᠭᠠᠯᠲᠤ ᠲᠡᠷᠭᠡᠨ ᠥᠷᠲᠡᠭᠡ ᠵᠡᠷᠭᠡ ᠭᠠᠵᠠᠷ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠠᠵᠢᠯ ᠢ ᠡᠬᠢᠯᠡᠭᠦᠯᠵᠦ᠂ ᠮᠠᠨ ᠤ | ᠬᠤᠲᠠ ᠶᠢᠨ ᠪᠣᠶ ᠪᠥᠬᠦᠶ ᠬᠥᠮᠦᠰ ᠲᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠯᠲᠠ ᠬᠢᠨ᠎ᠠ︔ ᠬᠡᠷᠡᠭ ᠡᠷᠬᠢᠯᠡᠬᠦ ᠭᠠᠵᠠᠷ᠂ | ᠨᠡᠶᠢᠭᠡᠮ ᠲᠣᠭᠤᠷᠢᠭ ᠨᠢ ᠣᠯᠠᠨ ᠲᠦᠮᠡᠨ ᠢ ᠳᠠᠶᠢᠴᠢᠯᠠᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ | ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ ᠪᠠ | ᠲᠤᠬᠠᠶ ᠶᠢᠨ ᠭᠠᠵᠠᠷ ᠲᠤᠨᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠲᠡᠭᠡᠨ ᠰᠠᠭᠤᠬᠤ ᠪᠤᠶᠤ | ᠲᠦᠪᠯᠠᠷᠡᠬᠦᠯᠦᠨ ᠲᠤᠰᠬᠠᠷᠯᠠᠨ ᠠᠵᠢᠭᠯᠠᠵᠤ᠂ ᠡᠷᠲᠡᠬᠡᠨ ᠣᠯᠵᠤ ᠮᠡᠳᠡᠨ᠂ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠸᠠᠩ ᡁᠢ ᠶᠦᠩ᠂ ᠳᠡᠭᠡᠳᠦ ᠬᠡᠮᠵᠢᠶᠡᠨ ᠤ ᠤᠬᠠᠮᠰᠠᠷ ᠢᠶᠠᠷ᠂ ᠣᠯᠠᠨ ᠲᠦᠮᠡᠨ ᠳᠤ ᠬᠠᠷᠢᠭᠤᠴᠠᠬᠤ ᠵᠣᠷᠢᠭ ᠰᠠᠨᠠᠭ᠎ᠠ ᠪᠠᠷ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠳᠤᠷᠢᠳᠬᠤ ᠺᠠᠳ᠋ᠷᠴᠤᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ | ᠲᠡᠷᠢᠬᠦᠯᠦᠨ ᠵᠢᠯᠣᠭᠤᠳᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠯᠴᠠᠬᠤ ᠺᠠᠳ᠋ᠷ | ᠠᠵᠢᠯᠲᠠᠨ ᠠᠵᠢᠯᠴᠢᠨ ᠤ ᠬᠤᠪᠢ ᠬᠥᠮᠦᠨ ᠤ ᠰᠡᠷᠭᠡᠶᠢᠯᠡᠯᠳᠡ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠬᠤᠤᠷ ᠬᠥᠨᠥᠭᠡᠯᠲᠦ ᠴᠢᠨᠠᠷ ᠢ | ᠣᠯᠠᠨ ᠲᠦᠮᠡᠨ ᠳᠤ ᠲᠣᠳᠣᠷᠬᠠᠶ ᠶᠠᠷᠢᠵᠤ᠂ ᠬᠠᠮᠢᠶ᠎ᠠ ᠪᠦᠬᠦᠢ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ | ᠠᠵᠢᠯ ᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠭᠠᠷᠬᠤ ᠪᠠ ᠴᠤᠬᠯᠠᠭᠠᠨ ᠳᠤ | ᠤᠷᠤᠯᠴᠠᠬᠤ ᠶᠢ ᠠᠯᠢ ᠴᠢᠳᠠᠬᠤ ᠪᠠᠷ ᠪᠠᠭᠠᠰᠬᠠᠵᠤ᠂ ᠣᠯᠠᠨ ᠲᠦᠮᠡᠨ ᠢ ᠭᠡᠯᠮᠡᠭᠳᠡᠭᠦᠯᠬᠦ ᠦᠭᠡᠢ ᠮᠦᠷᠳᠡᠭᠡᠨ ᠪᠠᠰᠠ ᠲᠡᠭᠡᠳᠤ | ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠴᠠᠪ ᠬᠤᠲᠠ ᠶᠢᠨ ᠪᠠᠴᠢᠮ ᠮᠡᠳᠡᠭᠳᠡᠯ ᠤᠨ ᠱᠠᠭᠠᠷᠳᠠᠯᠭ᠎ᠠ ᠶᠣᠰᠣᠭᠠᠷ | ᠠᠵᠢᠯ ᠢᠶᠠᠨ ᠰᠠᠶᠢᠳᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠴᠢᠬᠤᠯᠠ ᠶᠡᠭᠡ ᠭᠡᠨᠡᠳᠲᠡ ᠡᠭᠦᠰᠬᠦ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠲᠡᠰ ᠤᠨ ᠰᠡᠷᠡᠮᠵᠢ ᠶᠢᠨ ᠲᠤᠬᠢᠶ᠎ᠠ ᠶᠢ ᠡᠬᠢᠯᠡᠭᠦᠯᠪᠡ᠂ | ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠲᠠᠷᠦᠢ ᠬᠠᠷᠢᠭᠤᠴᠠᠯᠭ᠎ᠠ᠂ ᠡᠯ᠎ᠡ ᠰᠠᠯᠠᠭ᠎ᠠ ᠮᠥᠴᠢᠷ | ᠨᠢᠭᠡᠴᠡ ᠡᠪᠡᠳᠴᠢᠨ ᠢ ᠰᠡᠷᠭᠡᠶᠢᠯᠡᠬᠦ ᠠᠵᠢᠯ ᠤᠨ ᠪᠠᠶᠢᠳᠠᠯ ᠳᠤ ᠦᠨᠡᠨᠬᠦ ᠣᠷᠣᠵᠤ᠂ ᠲᠣᠰ ᠲᠣᠰ ᠤᠨ ᠬᠠᠷᠢᠭᠤᠴᠠᠯᠭ᠎ᠠ ᠪᠠᠨ | ᠬᠦᠢᠴᠡᠳᠭᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠬᠦ ᠬᠡᠷᠡᠭᠲᠡᠶ᠃ | ᠤᠷᠴᠢᠭᠤᠯᠤᠬᠴᠢ᠄ ᠼᠦᠢ ᠶᠢᠩ |