ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ 2020 ᠣᠨ ᠤ ᠶᠠᠳᠠᠭᠤ ᠶᠢ ᠲᠡᠳᠬᠦᠬᠦ ᠬᠥᠳᠡᠯᠦᠩᠭᠦᠶ ᠬᠠᠮᠢᠶᠠᠷᠤᠯᠳᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/16
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠭᠤᠰᠬᠤ ᠵᠢᠯ ᠤᠨ ᠶᠠᠳᠠᠭᠤ ᠶᠢ ᠲᠡᠳᠬᠦᠬᠦ ᠡᠳᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠴᠤᠭᠯᠠᠭᠤᠯᠬᠤ ᠠᠵᠢᠯ ᠢ ᠰᠠᠶᠢᠳᠤᠷ ᠬᠢᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ 2020 ᠤᠨ ᠤ ᠶᠠᠳᠠᠭᠤ ᠶᠢ ᠲᠡᠳᠬᠦᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ 10 ᠰᠠᠷ᠎ᠠ ᠶᠢᠨ 10 ᠤ ᠡᠳᠦᠷ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ 2020 ᠤᠨ ᠤ ᠶᠠᠳᠠᠭᠤ ᠶᠢ ᠲᠡᠳᠬᠦᠬᠦ ᠬᠥᠳᠡᠯᠦᠩᠭᠦᠶ ᠬᠠᠮᠢᠶᠠᠷᠤᠯᠳᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠧᠩ ᠵᠢᠶᠠᠩ ᠬᠤᠷᠠᠯ ᠢ ᠡᠷᠭᠢᠯᠡᠪᠡ᠃ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠬᠡᠰᠡᠭ ᠶᠠᠳᠠᠭᠤ ᠶᠢ ᠲᠡᠳᠬᠦᠬᠦ ᠲᠤᠰᠬᠠᠢ ᠠᠵᠢᠯ ᠤᠨ 20 ᠭᠠᠷᠤᠢ ᠬᠦᠮᠦᠰ ᠬᠤᠷᠠᠯ ᠳᠤ ᠣᠷᠣᠯᠴᠠᠪᠠ᠃    ᠬᠤᠷᠠᠯ ᠤᠨ ᠭᠤᠤᠯ ᠠᠭᠤᠯᠭ᠎ᠠ᠄ ᠨᠢᠭᠡ ᠳᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠬᠥᠳᠡᠯᠦᠩᠭᠦᠶ ᠪᠠᠷ ᠳᠣᠭᠢᠷᠠᠭᠤᠯᠬᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠮᠡᠳᠡᠭᠡ ᠵᠠᠩᠭᠢ ᠶᠢ ᠴᠤᠭᠯᠠᠭᠤᠯᠤᠨ ᠰᠢᠨᠡᠳᠭᠡᠵᠦ ᠣᠷᠣᠭᠤᠯᠬᠤ᠂ ᠬᠢᠨᠠᠨ ᠰᠢᠨᠵᠢᠬᠦ ᠡᠲᠡᠭᠡᠳ ᠢ ᠬᠥᠳᠡᠯᠦᠩᠭᠦᠶ ᠪᠠᠷ ᠳᠣᠭᠢᠷᠠᠭᠤᠯᠬᠤ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠠᠰᠠᠭᠤᠳᠠᠯ ᠤᠨ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠥᠯᠥ ᠭᠥᠷᠳᠡᠬᠦ ᠡᠷᠦᠬᠡ ᠶᠢᠨ ᠡᠮᠬᠢᠳᠬᠡᠬᠦ ᠲᠠᠪᠤᠨ ᠵᠦᠢᠯ ᠤᠨ ᠠᠭᠤᠯᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠨ᠎ᠡ᠃ ᠬᠤᠶᠠᠷ ᠲᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ  ᠵᠠᠩᠬᠢ ᠴᠤᠭᠯᠠᠭᠤᠯᠬᠤ ᠠᠵᠢᠯ ᠢ ᠳᠠᠶᠢᠴᠢᠯᠠᠨ ᠪᠠᠶᠢᠷᠢᠯᠠᠭᠤᠯᠬᠤ ᠪᠣᠯᠪᠠᠰᠤᠷᠠᠭᠤᠯᠤᠯ᠂ ᠬᠥᠳᠡᠯᠦᠩᠭᠦᠶ ᠲᠣᠬᠢᠷᠠᠭᠤᠯᠤᠯᠲᠠ ᠪᠠ ᠮᠡᠳᠡᠭᠡ ᠵᠠᠩᠭᠢ ᠴᠤᠭᠯᠠᠭᠤᠯᠬᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠳᠠ ᠵᠢᠴᠢ ᠲᠤᠭ᠎ᠠ ᠪᠠᠷᠢᠮᠳᠠ ᠶᠢ ᠬᠢᠨᠠᠨ ᠵᠥᠪᠰᠢᠶᠡᠷᠡᠵᠦ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠵᠢᠯᠤᠭᠤᠳᠬᠤ᠂ ᠲᠤᠭ᠎ᠠ ᠪᠠᠷᠢᠮᠳᠠ ᠶᠢ ᠰᠢᠩᠭᠡᠭᠡᠨ ᠣᠷᠣᠭᠤᠯᠬᠤ ᠪᠠ ᠰᠢᠰᠲ᠋ᠧᠮ ᠲᠠᠢ ᠠᠵᠢᠯᠯᠠᠭᠤᠯᠬᠤ᠂ ᠲᠤᠭ᠎ᠠ ᠪᠠᠷᠢᠮᠳᠠ ᠶᠢ ᠵᠠᠳᠠᠯᠬᠤ ᠪᠠ ᠠᠰᠠᠭᠤᠳᠠᠯ ᠢ ᠡᠮᠬᠢᠯᠡᠬᠦ᠂ ᠠᠰᠠᠭᠤᠳᠠᠯ ᠤᠨ ᠲᠤᠭ᠎ᠠ ᠪᠠᠷᠢᠮᠳᠠ ᠶᠢ ᠬᠠᠷᠭᠤᠭᠤᠯᠤᠨ ᠪᠠᠶᠢᠴᠠᠭᠠᠬᠤ᠂ ᠰᠢᠰᠲ᠋ᠧᠮ ᠤᠨ ᠳ᠋ᠠᠶᠢᠲ᠋ᠠ ᠶᠢ ᠲᠡᠭᠦᠯᠳᠡᠷᠵᠢᠭᠦᠯᠬᠦ᠂ ᠠᠵᠢᠯ ᠤᠨ ᠳ᠋ᠦᠩᠨᠡᠯᠲᠡ ᠪᠠᠨ ᠲᠡᠭᠦᠯᠳᠡᠷᠵᠢᠭᠦᠯᠬᠦ ᠵᠡᠷᠭᠡ ᠨᠠᠢᠮᠠᠨ ᠠᠯᠬᠤᠮ ᠳᠠᠷᠠᠭ᠎ᠠ ᠬᠤᠪᠢᠶᠠᠵᠦ᠂ ᠴᠠᠭ ᠤᠨ ᠬᠦᠰᠦᠨᠦᠭᠲᠦ ᠪᠠ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ᠂ ᠪᠦᠷᠢᠨ ᠪᠦᠲᠦᠨ᠂ ᠦᠨᠡᠨ ᠪᠣᠳᠠᠲᠠᠶ ᠪᠠᠶᠢᠬᠤ ᠶᠢ ᠦᠨᠡᠨᠬᠦ ᠪᠠᠳᠤᠯᠠᠨ᠎ᠠ᠃ ᠭᠤᠷᠪᠠ ᠳᠤ᠂ ᠠᠵᠢᠯ ᠤᠨ ᠶᠠᠪᠤᠴᠠ ᠳᠤ ᠠᠩᠬᠠᠷᠬᠤ ᠴᠢᠬᠤᠯᠠᠲᠠᠶ ᠲᠠᠷᠢᠶᠠᠴᠢᠨ ᠡᠷᠦᠬᠡ ᠶᠢᠨ ᠣᠷᠣᠯᠭ᠎ᠠ ᠶᠢ ᠪᠤᠳᠤᠬᠤ ᠦᠶᠡᠯᠡᠯ ᠪᠠ ᠮᠡᠳᠡᠭᠡ ᠵᠠᠩᠭᠢ ᠶᠢᠨ ᠰᠢᠰᠲ᠋ᠧᠮ ᠤᠨ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠬᠢᠨᠠᠨ ᠰᠢᠯᠭᠠᠬᠤ ᠴᠢᠳᠠᠮᠵᠢ ᠵᠢᠴᠢ ᠲᠠᠩᠰᠠ ᠪᠠ ᠺᠠᠷᠲ ᠲᠠᠢ ᠭᠠᠷ ᠤᠲᠠᠰᠤᠨ ᠤ APP ᠶᠢ ᠬᠡᠷᠡᠭᠯᠡᠨ ᠲᠣᠭᠠᠴᠠᠭ᠎ᠠ ᠬᠢᠵᠦ ᠬᠢᠨᠠᠨ ᠬᠠᠷᠭᠤᠭᠤᠯᠬᠤ ᠵᠡᠷᠭᠡ ᠭᠤᠷᠪᠠᠨ ᠲᠠᠯ᠎ᠠ ᠶᠢᠨ ᠵᠦᠢᠯᠡᠰ ᠢ ᠭᠤᠤᠯᠳᠠᠯᠭ᠎ᠠ ᠲᠠᠢ ᠴᠢᠬᠤᠯᠠᠴᠢᠯᠠᠵᠤ᠂ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ  ᠲᠡᠭᠡᠭᠰᠢᠯᠡᠬᠦᠯᠦᠨ᠎ᠡ    ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠭᠦᠰᠭᠡᠯ ᠤᠨ ᠵᠢᠯ ᠪᠠᠶᠢᠵᠤ᠂ ᠲᠤᠰ ᠤᠳᠠᠭᠠᠨ ᠤ ᠶᠠᠳᠠᠭᠤ ᠶᠢ ᠲᠡᠳᠬᠦᠬᠦ ᠡᠲᠡᠭᠡᠳ ᠤᠨ ᠬᠥᠳᠡᠯᠦᠩᠭᠦᠢ ᠬᠠᠮᠢᠶᠠᠷᠤᠯᠲᠠ ᠥᠩᠭᠡᠷᠡᠭᠰᠡᠨ ᠲᠠᠢ ᠬᠠᠷᠢᠴᠠᠭᠤᠯᠪᠠᠯ ᠰᠢᠨ᠎ᠡ ᠠᠭᠤᠯᠭ᠎ᠠ ᠨᠡᠮᠡᠭᠳᠡᠪᠡ᠃ ᠡᠭᠦᠷᠭᠡ ᠨᠡᠩ ᠬᠦᠨᠳᠦ ᠪᠣᠯᠬᠤᠷ ᠡᠯ᠎ᠡ ᠭᠠᠴᠠᠭᠠᠨ ᠤ ᠨᠠᠮ ᠤᠨ ᠬᠤᠷᠢᠶ᠎ᠠ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠨᠢᠭᠡ ᠳᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠬᠢᠴᠠ ᠶᠢᠨ ᠱᠠᠭᠠᠷᠳᠠᠯᠭ᠎ᠠ ᠶᠣᠰᠣᠭᠠᠷ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠬᠤᠶᠠᠷ ᠲᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠵᠢᠷᠤᠮᠵᠢᠭᠰᠠᠨ ᠵᠢᠷᠤᠮ ᠢ ᠭᠦᠢᠴᠡᠳᠭᠡᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠠᠩᠰᠠ ᠪᠠ ᠲᠠᠩᠰᠠ ᠬᠠᠷᠢᠯᠴᠠᠨ ᠨᠡᠶᠢᠴᠡᠬᠦ᠂ ᠲᠠᠩᠰᠠ ᠪᠠ ᠪᠣᠳᠠᠲᠤ ᠪᠠᠶᠢᠳᠠᠯ ᠬᠠᠷᠢᠯᠴᠠᠨ ᠨᠡᠶᠢᠴᠡᠬᠦ︾ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠴᠠᠭ ᠢ ᠡᠵᠡᠮᠳᠡᠵᠦ᠂ ᠠᠳᠠᠯᠢ ᠪᠤᠰᠤ ᠱᠠᠲᠤ ᠦᠶ᠎ᠡ ᠶᠢᠨ ᠠᠵᠢᠯ ᠢ ᠰᠠᠶᠢᠲᠤᠷ ᠬᠢᠵᠦ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠳᠠᠬᠢᠨ ᠳᠠᠪᠲᠠᠨ ᠠᠵᠢᠯᠯᠠᠬᠤ ᠠᠴᠠ  ᠰᠡᠷᠭᠡᠶᠢᠯᠡᠵᠦ᠂ ᠲᠣᠰᠬᠤᠨ ᠳᠤ ᠳᠠᠬᠢᠨ ᠳᠠᠪᠲᠠᠨ ᠡᠷᠦᠬᠡ ᠳᠤ ᠣᠷᠣᠭᠤᠯᠬᠤ ᠪᠠ ᠬᠦᠰᠦᠨᠦᠭᠲᠦ ᠲᠠᠭᠯᠠᠵᠤ ᠲᠤᠭ᠎ᠠ ᠮᠡᠳᠡᠭᠦᠯᠬᠦ ᠠᠴᠠ ᠵᠠᠶᠢᠯᠠᠰᠬᠢᠵᠦ᠂ ᠲᠣᠭᠲᠠᠭᠰᠠᠨ ᠴᠠᠭ ᠬᠤᠭᠤᠴᠠᠭᠠᠨ ᠳᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃                     ᠤᠷᠴᠢᠭᠤᠯᠤᠭᠴᠢ᠄ ᠬᠠᠨ ᠰᠢᠶᠤᠤ ᠿᠦᠩ                     ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3