ᠹᠧᠩᠵᠧᠨ ᠬᠤᠲᠠ ᠶᠢᠨ 1 — 9 ᠳ᠋ᠦᠭᠡᠷ ᠰᠠᠷ᠎ᠠ ᠳᠤ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ ᠶᠢ ᠨᠡᠶᠢᠲᠡ 14578 ᠲᠦᠮᠡᠨ ᠲᠥᠭᠦᠷᠢᠭ ᠬᠥᠮᠥᠷᠭᠡ ᠳᠤ ᠣᠷᠣᠭᠤᠯᠪᠠ
ᠨᠡᠶᠢᠲᠡᠯᠡᠭᠰᠡᠨ ᠴᠠᠭ᠄
2020/10/16
   1 — 9 ᠰᠠᠷ᠎ᠠ ᠳᠤ᠂ ᠹᠧᠩᠵᠧᠨ ᠬᠤᠲᠠ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ 14578 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3455 ᠲᠦᠮᠡᠨ ᠲᠥᠭᠦᠷᠢᠭ ᠬᠠᠰᠤᠬᠳᠠᠨ᠂ 19.16% ᠪᠠᠷ ᠪᠠᠭᠤᠷᠠᠪᠠ᠃ ᠡᠭᠦᠨ ᠤ ᠳᠣᠲᠣᠷ᠎ᠠ᠄ ᠵᠢᠩ ᠯᠦᠩ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠥᠮᠥᠷᠭᠡ ᠳᠤ ᠣᠷᠣᠭᠤᠯᠤᠭᠰᠠᠨ ᠭᠠᠶᠢᠯᠢ ᠶᠢᠨ ᠣᠷᠣᠯᠭ᠎ᠠ 4418 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 4222 ᠲᠦᠮᠡᠨ ᠲᠥᠭᠦᠷᠢᠭ  ᠬᠠᠰᠤᠬᠳᠠᠵᠦ᠂ 48.87% ᠪᠠᠷ ᠪᠠᠭᠤᠷᠠᠪᠠ︔ ᠴᠠᠬᠢᠯᠭᠠᠨ ᠬᠠᠩᠭᠠᠬᠤ ᠠᠵᠤ ᠠᠬᠤᠶᠢᠯᠠᠯ ᠨᠡᠶᠢᠲᠡ 5198 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 98 ᠲᠦᠮᠡᠨ ᠲᠥᠭᠦᠷᠢᠭ ᠬᠠᠰᠤᠬᠳᠠᠵᠦ᠂ 1.85% ᠪᠠᠷ ᠪᠠᠭᠤᠷᠠᠪᠠ︔ ᠰᠢᠨ ᠹᠧᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠬᠥᠮᠥᠷᠭᠡ ᠳᠤ ᠤᠷᠤᠭᠤᠯᠤᠬᠰᠠᠨ ᠭᠠᠶᠢᠯᠢ ᠶᠢᠨ ᠣᠷᠣᠯᠭ᠎ᠠ ᠨᠡᠶᠢᠲᠡ 3020 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 520 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂  ᠨᠡᠮᠡᠭᠳᠡᠯ ᠤᠨ ᠨᠤᠷᠮ᠎ᠠ 20.8%︔ ᠹᠧᠩᠵᠧᠨ ᠴᠢᠬᠢᠯᠭᠠᠨ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠯᠲᠠ ᠨᠡᠶᠢᠲᠡ 1745 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 283 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ ᠂ ᠨᠡᠮᠡᠭᠳᠡᠯ ᠤᠨ ᠨᠤᠷᠮ᠎ᠠ 19.36%︔ ᠳᠤᠮᠳᠠᠳᠤ ᠤᠯᠤᠰ ᠤᠨ ᠡᠨᠧᠷᠭᠢ ᠠᠷᠪᠢᠯᠠᠬᠤ ᠭᠡᠷᠡᠯ ᠸᠣᠯᠲ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠮᠥᠷᠭᠡ ᠳᠤ ᠣᠷᠣᠭᠤᠯᠤᠭᠰᠠᠨ ᠭᠠᠶᠢᠯᠢ ᠶᠢᠨ ᠣᠷᠣᠯᠭ᠎ᠠ ᠨᠡᠶᠢᠲᠡ 149 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 14 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠨᠡᠮᠡᠭᠳᠡᠯ ᠤᠨ ᠨᠤᠷᠮ᠎ᠠ 10.37% ᠪᠤᠯᠤᠨ᠎ᠠ᠃                         ᠤᠷᠴᠢᠭᠤᠯᠤᠬᠴᠢ᠄  ᠬᠠᠨ ᠰᠢᠶᠤᠤ ᠿᠦᠩ                         ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3