ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠨᠠᠢᠮᠠᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2020/10/16
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠰᠢ︶ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠸᠧᠩ ᠵᠢᠶᠧ ᠮᠢᠩ 12 ᠤᠨ ᠡᠳᠦᠷ ᠢᠯᠡᠷᠬᠡᠶᠢᠯᠡᠬᠦ ᠳᠡᠭᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠣᠯ ᠬᠤᠶᠢᠰᠢᠳᠠ ᠶᠢᠨ ᠭᠤᠷᠪᠠᠨ ᠵᠢᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠣᠯᠤᠨ ᠲᠡᠭᠡᠳᠦ ᠲᠡᠰ ᠤᠨ ᠲᠥᠯᠥᠪᠯᠡᠭᠡ ᠶᠢ ᠨᠠᠶᠢᠳᠠᠪᠤᠷᠢᠵᠢᠭᠤᠯᠬᠤ ᠪᠣᠳᠠᠲᠠᠶ ᠪᠠᠷᠢᠯᠭ᠎ᠠ ᠶᠢᠨ ᠵᠢᠷᠤᠭ ᠪᠠᠶᠢᠵᠦ᠂ ᠬᠡᠮᠵᠢᠵᠦ ᠪᠣᠯᠬᠤ ᠪᠥᠭᠡᠳ ᠬᠢᠨᠠᠨ ᠰᠢᠯᠭᠠᠬᠤ ᠶᠢ ᠵᠠᠪᠠᠯ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ  ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠨᠢ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠎ᠡ᠃   12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠳᠡᠭᠡᠷ᠎ᠡ ᠳᠤᠷᠠᠳᠤᠭᠰᠠᠨ ᠪᠠᠶᠢᠳᠠᠯ ᠢ ᠲᠠᠨᠢᠯᠴᠠᠭᠤᠯᠪᠠ᠃     ᠸᠧᠩ ᠵᠢᠶᠧ ᠮᠢᠩ ᠤᠨ ᠲᠠᠨᠢᠯᠴᠠᠭᠤᠯᠤᠭᠰᠠᠨ ᠢᠶᠠᠷ᠂ ᠡᠨᠡ ᠨᠠᠢᠮᠠᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠨᠢ ᠄ ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠬᠤᠶᠠᠷ ᠢ ᠲᠤᠭᠤᠰᠢᠳᠠᠢ ᠪᠠᠷᠢᠮᠳᠠᠯᠠᠵᠦ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠺᠣᠮᠫᠠᠨᠢ ᠶᠢᠨ ᠵᠠᠰᠠᠯᠲᠠ ᠶᠢᠨ ᠲᠣᠭᠲᠠᠴᠠ ᠶᠢ ᠪᠦᠷᠢᠯᠳᠦᠭᠦᠯᠦᠨ᠎ᠡ︔ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠤᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢ  ᠬᠦᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠤᠨ ᠦᠮᠴᠢᠯᠡᠯᠳᠦ ᠬᠦᠷᠦᠩᠭᠡ ᠶᠢᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠬᠤᠯᠢᠮᠠᠭ ᠦᠮᠴᠢᠯᠡᠯᠳᠦ ᠳᠦᠷᠢᠮᠲᠦ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠦᠮᠴᠢᠯᠡᠯᠳᠤ ᠠᠵᠤ ᠠᠬᠤᠶᠢᠯᠠᠯ ᠤᠨ ᠰᠠᠶᠢᠨ ᠲᠠᠯ᠎ᠠ ᠶᠢ ᠨᠢ ᠠᠪᠴᠤ ᠰᠢᠭᠠᠷᠠᠤ ᠲᠠᠯ᠎ᠠ ᠪᠠᠨ ᠨᠦᠬᠦᠪᠦᠷᠢᠯᠡᠨ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ︔ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠦᠨ᠂ ᠵᠥᠪ ᠴᠢᠭᠯᠡᠯ ᠢᠶᠠᠷ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠭᠰᠠᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠵᠦ᠂ ᠬᠢᠨᠠᠨ ᠬᠠᠮᠢᠶᠠᠷᠬᠤ ᠣᠶᠢᠯᠠᠭᠠᠭᠳᠠᠬᠤᠨ᠂ ᠬᠢᠨᠠᠨ ᠬᠠᠮᠢᠶᠠᠷᠬᠤ ᠭᠤᠤᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠮᠠᠶ᠋ᠢᠭ᠂ ᠬᠢᠨᠠᠨ ᠬᠠᠮᠢᠶᠠᠷᠬᠤ ᠤᠳᠤᠷᠢᠳᠤᠮᠵᠢ ᠵᠡᠷᠭᠡ ᠣᠯᠠᠨ ᠲᠠᠯ᠎ᠠ ᠠᠴᠠ ᠬᠦᠴᠦᠯᠡᠨ ᠬᠤᠪᠢᠷᠠᠭᠤᠯᠵᠤ᠂ ᠤᠯᠤᠰ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠪᠦᠳᠦᠮᠵᠢᠳᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠤᠷᠤᠯᠴᠠᠬᠤ ᠶᠢ ᠠᠬᠢᠭᠤᠯᠵᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠵᠠᠬ᠎ᠠ ᠳᠡᠯᠭᠡᠭᠦᠷ ᠤᠨ ᠤᠷᠴᠢᠨ ᠨᠥᠬᠦᠴᠡᠯ ᠢ ᠪᠤᠢ ᠪᠣᠯᠭᠠᠨ᠎ᠠ︔ ᠠᠯᠢ ᠤᠯᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠤᠰᠬᠠᠢ ᠠᠵᠢᠯᠯᠠᠭ᠎ᠠ ᠶᠢ ᠪᠤᠳᠠᠳᠠᠶᠢᠵᠢᠭᠤᠯᠬᠤ ᠶᠢ ᠠᠬᠢᠭᠤᠯᠤᠨ᠎ᠠ︔ ᠤᠯᠤᠰ ᠤᠨ  ᠦᠮᠴᠢᠯᠡᠯᠳᠦ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠪᠠ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃     ᠸᠧᠩ ᠵᠢᠶᠧ ᠮᠢᠩ ᠬᠡᠯᠡᠬᠦ ᠳᠡᠭᠡᠨ᠄ ᠪᠢᠳᠡ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠩ ᠪᠣᠯᠪᠠᠰᠤᠷᠠᠩᠭᠤᠶ᠂ ᠨᠠᠩ ᠬᠡᠪᠰᠢᠭᠰᠡᠨ ᠳᠤᠮᠳᠠᠳᠤ ᠤᠯᠤᠰ ᠤᠨ ᠣᠨᠴᠠᠯᠢᠭ ᠪᠥᠬᠦᠶ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠ ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠭᠰᠠᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠣᠶ ᠪᠣᠯᠭᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ︔ ᠤᠯᠤᠰ ᠤᠨ ᠦᠮᠴᠢᠯᠡᠯᠳᠦ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ︔ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠦᠮᠴᠢᠯᠡᠯᠳᠦ ᠠᠵᠤ ᠠᠬᠤᠶ ᠶᠢᠨ ᠥᠷᠢᠰᠥᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠦᠨᠡᠨ ᠬᠦ ᠴᠢᠩᠭᠠᠳᠬᠠᠨ᠎ᠠ᠃                  ᠤᠷᠴᠢᠭᠤᠯᠤᠭᠴᠢ᠄ ᠬᠠᠨ ᠰᠢᠶᠤᠤ ᠿᠦᠩ                  ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3