ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020/10/19
   10 ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠹᠧᠩᠵᠧᠨ ᠬᠤᠲᠠ ᠭᠤᠷᠪᠠᠨ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ᠂ ᠳᠡᠳ᠋ ᠡᠷᠬᠢᠯᠡᠭᠴᠢ ᠸᠠᠩ ᠵᠢᠶᠠᠨ ᠶᠢᠩ᠂ ᠸᠠᠩ ᠳ᠋ᠦᠩ ᠯᠢ᠂ ᠸᠠᠩ ᠯᠢ ᠧᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠵᠢᠶᠦ᠋ᠨ ᠪᠠᠷ᠎ᠠ ᠪᠤᠯᠪᠠ᠃
   ᠲᠥᠯᠥᠭᠡᠯᠡᠭᠴᠢᠳ ᠤᠷᠢᠳ ᠬᠤᠵᠢᠳ ᠹᠧᠩᠰᠢ ︵ ᠹᠧᠩᠵᠧᠨ ᠬᠤᠳᠠ ᠶᠢᠨ ᠪᠠᠷᠠᠭᠤᠨᠳᠡᠬᠢ︶ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠲᠥᠪᠡᠳ ᠬᠠᠰᠢ ᠶᠢᠨ ᠵᠢᠵᠢᠭ ᠪᠠᠯᠭᠠᠰᠤᠨ ᠤ ᠲᠥᠷᠥᠯ ᠵᠦᠢᠯ᠂ ᠾᠧᠢ ᠲᠤ ᠲᠠᠢ ᠪᠠᠯᠭᠠᠰᠤᠨ ᠤ ᠳ᠋ᠢᠶᠠᠨ ᠴᠢᠩ ᠮᠢᠶᠣᠣ ᠲᠤᠰᠬᠤᠨ᠂ ᠯᠢᠦᠶ ᠫᠧᠩ ᠠᠮᠤ ᠪᠤᠳᠠᠭ᠎ᠠ ᠶᠢ ᠬᠠᠳᠠᠭᠠᠵᠤ ᠬᠠᠳᠠᠭᠠᠯᠠᠬᠤ ᠲᠥᠷᠥᠯ ᠵᠦᠢᠯ᠂ ᠶᠤᠸᠠᠨ ᠱᠠᠨ ᠽᠢ ᠰᠢᠶᠠᠩ ᠤᠨ 15 ᠲᠦᠮᠡᠨ ᠦᠨᠳᠡᠭᠡᠨ ᠳᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ᠂ ᠴᠢᠩ ᠴᠢᠩ ᠼᠤᠤ ᠶᠤᠸᠠᠨ ᠺᠣᠮᠫᠠᠨᠢ᠂ ᠹᠧᠩᠳᠦᠩ ︵ᠹᠧᠩᠵᠧᠨ ᠬᠤᠳᠠ ᠶᠢᠨ ᠵᠡᠭᠦᠨᠳᠡᠬᠢ︶ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠹᠧᠩ ᠯᠦᠩ ᠲᠦᠮᠡᠨ ᠲᠣᠯᠣᠭᠠᠢ ᠪᠣᠷᠳᠣᠵᠤ ᠲᠠᠷᠭᠤᠯᠠᠭᠤᠯᠬᠤ ᠦᠬᠡᠷ ᠤᠨ ᠲᠥᠷᠥᠯ ᠵᠦᠢᠯ᠂ ᠯᠦᠩ ᠱᠦᠨ ᠵᠤᠸᠠᠩ ᠨᠢᠮᠪᠡᠭᠡ ᠪᠣᠯᠪᠠᠰᠤᠷᠠᠭᠤᠯᠬᠤ ᠲᠥᠷᠥᠯ ᠵᠦᠢᠯ᠂ ᠨᠢᠤ ᠴᠢᠩ ᠱᠠᠨ ᠤ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠠᠭᠠᠯᠢ ᠶᠢᠨ ᠬᠤᠨᠢ ᠲᠡᠵᠢᠭᠡᠨ ᠦᠷᠡᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠩ ᠱᠠ ᠪᠠ ᠪᠠᠯᠭᠠᠰᠤᠨ ᠤ ᠸᠠᠩ ᠵᠢᠶᠠ ᠪᠥ᠋ ᠲᠣᠰᠬᠤᠨ ᠤ ᠵᠥᠪᠯᠡᠯ᠂ ᠬᠤᠳᠠ ᠶᠢᠨ ᠡᠮᠦᠨᠡᠳᠦ ᠲᠣᠭᠤᠷᠢᠭ ᠤᠨ ᠡᠯ ᠬᠤᠤ ᠭᠸᠥ ᠲᠤᠰᠬᠤᠨ ᠤ ᠠᠷᠠᠳ ᠤᠨ ᠵᠥᠪᠯᠡᠯ ᠵᠡᠷᠭᠡ ᠭᠠᠵᠠᠷ ᠤᠳ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠬᠡᠪᠴᠢᠶ᠎ᠡ ᠵᠢᠴᠢ ᠬᠥᠭᠵᠢᠯᠲᠡ ᠶᠢᠨ ᠢᠷᠡᠭᠡᠳᠦᠶ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠥᠭᠵᠢᠯᠲᠡ ᠶᠢᠨ ᠳᠤᠮᠳᠠᠬᠢ ᠬᠠᠯᠠᠮᠰᠢᠯ ᠠᠰᠠᠭᠤᠳᠠᠯ ᠤᠨ ᠲᠤᠬᠠᠢ ᠭᠦᠨᠵᠡᠭᠡᠢ ᠪᠥᠭᠡᠳ ᠥᠷᠭᠡᠨ ᠳᠡᠯᠭᠡᠷ ᠰᠤᠯᠢᠯᠴᠠᠭ᠎ᠠ ᠬᠢᠪᠡ᠃ ᠲᠥᠯᠥᠭᠡᠯᠡᠭᠴᠢᠳ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠬᠤᠪᠢᠷᠠᠯᠲᠠ ᠶᠢ ᠤᠶᠢᠯᠠᠭᠠᠵᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠢᠲᠡᠭᠡᠯ ᠲᠡᠭᠦᠯᠳᠡᠷ ᠮᠦᠷᠳᠡᠭᠡᠨ ᠪᠠᠰᠠ ᠡᠷᠬᠢᠮ ᠬᠦᠨᠳᠦ ᠡᠭᠦᠷᠭᠡ ᠬᠠᠷᠢᠴᠠᠭᠤᠯᠭ᠎ᠠ ᠪᠠᠨ ᠨᠡᠩ ᠢᠯᠡᠬᠦᠤ ᠤᠶᠢᠯᠠᠭᠠᠪᠠ᠃
   ᠪᠠᠶᠢᠴᠠᠭᠠᠨ ᠦᠵᠡᠬᠦ ᠶᠠᠪᠤᠴᠠ ᠳᠤ᠂ ᠵᠠᠩ ᠵᠢᠶᠦ᠋ᠨ ᠲᠤᠤ ᠪᠥᠬᠦ ᠲᠥᠯᠥᠭᠡᠯᠡᠭᠴᠢᠳ ᠲᠤ ᠴᠢᠩ ᠰᠡᠳᠬᠢᠯ ᠤᠨ ᠬᠦᠰᠡᠯ ᠲᠠᠯᠪᠢᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠩᠬᠠᠷᠤᠨ ᠬᠠᠯᠠᠮᠵᠢᠯᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠪᠠᠶᠢᠳᠠᠯ ᠢ ᠢᠳᠡᠪᠬᠢᠲᠡᠢ ᠲᠦᠷᠦᠭᠦᠯᠡᠨ ᠤᠬᠠᠭᠤᠯᠬᠤ ᠶᠢᠨ ᠬᠠᠮᠲᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠨ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠬᠦᠴᠦᠨ ᠢ ᠨᠢᠭᠲᠠᠷᠠᠭᠤᠯᠬᠤ ᠠᠵᠢᠯ ᠢ ᠢᠯᠡᠭᠦᠬᠡᠨ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠨ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠪᠠ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠭᠦᠨᠵᠡᠭᠡᠢ ᠤᠶᠢᠯᠠᠭᠠᠵᠤ᠂ ᠮᠠᠨ ᠤ ᠬᠤᠲᠠ ᠶᠢᠨ ᠬᠥᠭᠵᠢᠯᠲᠡ ᠶᠢᠨ ᠪᠤᠳᠠᠳᠤ ᠪᠠᠶᠢᠳᠠᠯ ᠳᠤ ᠨᠡᠶᠢᠴᠡᠭᠰᠡᠨ ᠰᠠᠨᠠᠭᠤᠯᠭ᠎ᠠ ᠲᠤᠷᠠᠳᠬᠤ ᠶᠢ ᠬᠦᠰᠡᠵᠦ ᠪᠠᠶᠢᠬᠤ ᠪᠠᠨ ᠢᠯᠡᠳᠭᠡᠪᠡ᠃
                   ᠨᠠᠶᠢᠷᠠᠭᠤᠯᠤᠭᠴᠢ᠄ ᠵᠠᠩ ᠾᠦᠢ                    ᠤᠷᠴᠢᠭᠤᠯᠤᠭᠴᠢ᠄  ᠬᠠᠨ ᠰᠢᠶᠤᠤ ᠿᠦᠩ                    ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3