| ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠲᠣᠰᠬᠤᠨ ᠤ ᠵᠠᠬ᠎ᠠ ᠳᠤ ᠪᠠᠶᠢᠭᠤᠯᠤᠬᠳᠠᠵᠦ᠂ ᠶᠠᠳᠠᠭᠤ ᠠᠴᠠ | ᠠᠩᠭᠢᠵᠢᠷᠠᠭᠤᠯᠬᠤ ᠵᠠᠮ ᠳᠡᠭᠡᠷ᠎ᠡ ᠬᠦᠰᠡᠯ ᠡᠷᠡᠮᠡᠯᠵᠡᠯ ᠪᠢᠯᠬᠠᠮ᠎ᠠ᠃ ᠮᠠᠨ ᠤ ᠬᠤᠲᠠ ︽ᠴᠢᠰᠤ ᠪᠦᠲᠦᠭᠡᠬᠦ ᠮᠠᠶ᠋ᠢᠭ︾ ᠤᠨ | ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ ᠬᠡᠪᠴᠢᠶᠡᠨ ᠳᠤ 26 ᠶᠠᠳᠠᠭᠤ ᠶᠢ ᠲᠡᠳᠬᠦᠬᠦ | ᠲᠠᠰᠤᠭ ᠪᠠᠶᠢᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠶᠢ ᠭᠡᠷ ᠤᠨ ᠡᠭᠦᠳᠡᠨ ᠳᠤᠨᠢ ᠠᠮᠢᠳᠤᠯᠢᠭ ᠢᠶᠠᠷ ᠠᠵᠢᠯ ᠤᠯᠭᠤᠵᠤ᠂ | ᠵᠣᠭᠤᠰ ᠣᠯᠵᠤ ᠭᠡᠷ ᠢᠶᠠᠨ ᠬᠠᠷᠠᠭᠠᠯᠵᠠᠬᠤ ᠶᠢ ᠬᠠᠮᠳᠤᠪᠠᠷ ᠪᠡᠶᠡᠯᠡᠭᠦᠯᠦᠨ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ | ᠲᠠᠰᠤᠭ ᠤᠨ ᠳᠠᠶᠢᠴᠢᠯᠠᠯ ᠢᠶᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ | ᠨᠡᠮᠡᠷᠢᠯᠡᠪᠡ᠃ | | ᠭᠡᠷ ᠤᠨ ᠡᠭᠦᠳᠡᠨ ᠳᠤ ᠪᠠᠨᠠᠵᠢᠯ ᠤᠯᠬᠤ ᠨᠢ ᠠᠵᠤ ᠦᠢᠯᠡᠰ ᠢᠶᠠᠷ ᠰᠠᠭᠤᠷᠢ ᠪᠣᠯᠭᠠᠬᠤ ᠶᠢ ᠱᠠᠭᠠᠷᠳᠠᠨ᠎ᠠ᠃ | ᠾᠧᠢ ᠲᠤ ᠲᠠᠢ ᠪᠠᠯᠭᠠᠰᠤᠨ ᠤ ᠳ᠋ᠢᠶᠠᠨ ᠴᠢᠩ ᠮᠢᠶᠣᠣ ᠲᠣᠰᠬᠤᠨ ᠤ ᠶᠠᠳᠠᠭᠤ ᠶᠢ ᠲᠡᠳᠬᠦᠬᠦ ᠲᠠᠰᠤᠭ ᠢ ᠨᠢᠳᠤᠨᠤᠨ | ᠲᠣᠰᠬᠤᠨ ᠤ ᠱᠠᠲᠤᠨ ᠤ ᠵᠢᠭᠰᠠᠭᠠᠯ ᠤᠨ ᠭᠠᠵᠠᠷ ᠪᠠᠶᠢᠭᠤᠯᠬᠤ ᠳᠠᠭᠠᠨ ᠢᠵᠢ ᠪᠦᠷᠢᠳᠦᠭᠦᠯᠦᠨ ᠪᠠᠶᠢᠭᠤᠯᠵᠤ᠂ 20 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠡᠨᠡ ᠵᠢᠯ ᠤᠨ 4 ᠰᠠᠷ᠎ᠠ ᠳᠤ ᠠᠰᠢᠭᠯᠠᠯᠲᠠ ᠳᠤ ᠤᠷᠤᠭᠤᠯᠪᠠ᠃ ᠪᠠᠰᠠ ᠹᠧᠩᠵᠧᠨ | ᠬᠤᠲᠠ ᠶᠢᠨ ᠵᠧᠨ ᠪᠠᠢ ᠨᠦᠩ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠵᠤ᠂ ᠵᠢᠵᠢᠭ ᠡᠯᠳᠡᠪ ᠠᠮᠤ ᠪᠤᠳᠠᠭ᠎ᠠ ᠶᠢ ᠲᠥᠷᠥᠯ | ᠬᠤᠪᠢᠶᠠᠨ ᠰᠢᠢᠳᠪᠦᠷᠢᠯᠡᠬᠦ ᠪᠠ ᠴᠡᠪᠡᠷ ᠬᠤᠭᠤᠰᠣᠨ ᠪᠤᠭᠤᠳᠠᠯᠯᠠᠬᠤ ᠶᠢ ᠪᠡᠶᠡᠯᠡᠬᠦᠯᠪᠡ᠃ | | ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠶᠠᠳᠠᠭᠤ ᠬᠦᠴᠢᠷᠳᠡᠯᠲᠡᠶ ᠬᠥᠮᠦᠰ ᠢ ᠲᠥᠪᠬᠢᠨᠡᠭᠦᠯᠦᠨ ᠠᠵᠢᠯ | ᠣᠯᠭᠤᠬᠤ ᠴᠢᠬᠤᠯᠠ ᠠᠴᠢᠶᠠᠯᠠᠪᠤᠷᠢ ᠮᠦᠷᠳᠡᠭᠡᠨ ᠪᠠᠰᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠬᠤ ᠶᠢᠨ ᠴᠢᠬᠤᠯᠠ ᠲᠦᠰᠢᠭ ᠲᠤᠯᠭᠠᠭᠤᠷᠢ ᠪᠣᠯᠤᠨ᠎ᠠ᠃ ᠭᠤᠸᠠᠨ ᠲᠦᠨ ᠪᠦ᠋ ᠰᠢᠶᠠᠩ ᠤᠨ ᠪᠠᠨ ᠪᠢᠶᠠᠨ | ᠲᠢᠶᠠᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠠ ᠺᠸᠦ ᠽᠢ ᠲᠣᠰᠬᠤᠨ ᠤ ᠶᠠᠳᠠᠭᠤ ᠶᠢ ᠲᠡᠳᠬᠦᠬᠦ ᠲᠠᠰᠤᠭ ᠲᠤ᠂ | ᠠᠵᠢᠯᠴᠢᠳ ᠶᠠᠭ ᠡᠰᠬᠡᠬᠦ᠂ ᠣᠶᠣᠬᠤ᠂ ᠢᠯᠢᠭᠦᠷᠳᠡᠬᠦ ᠪᠠᠷ ᠶᠠᠭᠠᠷᠠᠵᠤ ᠨᠢᠭᠡ ᠪᠦᠯᠦᠭ ᠬᠤᠪᠴᠠᠰᠤ ᠬᠤᠨᠠᠷ ᠤᠨ | ᠵᠠᠬᠢᠶᠠᠯᠠᠭ᠎ᠠ ᠶᠢᠨ ᠬᠠᠭᠤᠳᠠᠰᠤ ᠶᠢ ᠱᠠᠯᠠᠪᠳᠠᠨ ᠦᠢᠯᠡᠳᠴᠦ ᠪᠤᠢ᠃ | | ᠵᠢᠵᠢᠭᠬᠡᠨ ᠦᠢᠯᠡᠳᠪᠦᠷᠢ ᠶᠢᠨ ᠲᠠᠰᠤᠭ ᠲᠤ ᠶᠠᠭᠠᠷᠠᠯᠲᠠᠢ ᠦᠢᠯᠡᠳᠪᠦᠷᠢᠯᠡᠯ ᠤᠨ ᠱᠤᠭᠤᠮ ᠨᠢᠭᠡᠨᠲᠡ ᠲᠣᠰᠬᠤᠨ ᠤ | ᠡᠮᠡᠭᠲᠡᠶᠢᠴᠦᠳ ᠤᠨ ᠭᠡᠷ ᠤᠨ ᠡᠭᠦᠳᠡᠨ ᠳᠡᠭᠡᠷ᠎ᠡ ᠪᠣᠰᠬᠠᠭᠰᠠᠨ ᠴᠢᠨᠡᠭᠡᠯᠢᠭ ᠨᠡᠶᠢᠭᠡᠮ ᠲᠤ ᠬᠦᠷᠬᠦ ︽ᠵᠣᠯ ᠵᠢᠷᠭᠠᠯ ᠤᠨ | ᠬᠥᠭᠦᠷᠭᠡ︾ ᠪᠤᠯᠪᠠ᠃ ᠭᠡᠷ ᠤᠨ ᠡᠭᠦᠳᠡᠨ ᠳᠡᠭᠡᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠨᠢ ᠲᠣᠭᠲᠠᠭᠤᠨ ᠵᠣᠯ ᠵᠢᠷᠭᠠᠯᠲᠤ | ᠲᠦᠷᠦᠭᠳᠡᠯ ᠢ ᠠᠪᠴᠢᠷᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠥᠷᠨᠢᠭᠦᠯᠦᠭᠰᠡᠨ ᠠᠴᠠ ᠨᠠᠭᠠᠰᠢ᠂ ᠹᠧᠩᠵᠧᠨ ᠬᠤᠲᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢᠶᠠᠷ ᠭᠠᠷᠳᠠᠴᠠ ᠪᠣᠯᠭᠠᠵᠤ᠂ ᠨᠡᠭᠦᠯᠭᠡᠭᠰᠡᠨ ᠭᠠᠵᠠᠷ ᠤᠨ ᠣᠶᠢᠷ᠎ᠠ | ᠬᠠᠪᠢ ᠳᠤ ᠶᠠᠳᠠᠭᠤ ᠶᠢ ᠲᠡᠳᠬᠦᠬᠦ ᠲᠠᠰᠤᠭ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠨᠡᠭᠦᠯᠭᠡᠨ ᠭᠠᠷᠭᠠᠵᠤ ᠳᠡᠶᠢᠯᠬᠦ | ᠂ ᠲᠣᠭᠲᠠᠭᠤᠨ ᠪᠠᠶᠢᠯᠭᠠᠵᠤ ᠳᠡᠶᠢᠯᠬᠦ᠂ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠳᠤᠯᠠᠪᠠ᠃ ᠶᠠᠳᠠᠭᠤ ᠶᠢ ᠲᠡᠳᠬᠦᠬᠦ | ᠦᠢᠯᠡᠳᠪᠦᠷᠢ ᠶᠢᠨ ᠲᠠᠰᠤᠭ ᠨᠢ ᠤᠶᠢᠷ᠎ᠠ ᠬᠠᠪᠢ ᠳᠠᠭᠠᠨ ᠠᠵᠢᠯᠴᠢᠨ ᠡᠯᠰᠡᠨ ᠬᠡᠷᠡᠭᠯᠡᠬᠦ ᠳᠠᠪᠠᠭᠤᠯᠢᠭ ᠪᠠᠶᠢᠳᠠᠯ ᠢ ᠭᠦᠢᠴᠡᠳ | ᠪᠠᠳᠠᠷᠠᠭᠤᠯᠵᠤ᠂ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ ᠪᠣᠯᠤᠨ ᠶᠠᠳᠠᠭᠤ ᠬᠦᠴᠢᠷᠳᠡᠯᠲᠡᠶ | ᠬᠥᠳᠡᠯᠮᠦᠷᠢ ᠬᠦᠴᠦᠨ ᠢ ᠳᠠᠶᠢᠴᠢᠯᠠᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠬᠦᠷᠴᠦ ᠲᠣᠰ ᠭᠠᠵᠠᠷ ᠲᠤ | ᠪᠠᠨ ᠠᠵᠢᠯ ᠤᠯᠬᠤ ᠶᠢ ᠪᠡᠶᠡᠯᠡᠬᠦᠯᠪᠡ᠃ | | ᠨᠠᠶᠢᠷᠠᠭᠤᠯᠤᠭᠴᠢ᠄ ᠵᠠᠩ ᠾᠦᠢ | ᠤᠷᠴᠢᠭᠤᠯᠤᠭᠴᠢ᠄ ᠬᠠᠨ ᠰᠢᠶᠣᠣ ᠿᠦᠩ | ᠬᠢᠨᠠᠭᠴᠢ᠄ ᠼᠦᠢ ᠶᠢᠩ |