ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠮᠠᠨ ᠤ ᠬᠤᠲᠠ ᠶᠢᠨ ᠬᠤᠲᠠ ᠬᠥᠳᠡᠭᠡ ᠶᠢᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/19
  10 ᠰᠠᠷ᠎ᠠ ᠶᠢᠨ 15 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠵᠢᠶᠧ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠤ ᠬᠥᠷᠥᠩᠭᠡ ᠶᠢᠨ ᠠᠵᠢᠯ ᠤᠨ ᠵᠥᠪᠯᠡᠯ ᠤᠨ ᠡᠷᠭᠢᠯᠡᠭᠴᠢ ᠵᠠᠶ ᠯᠢ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ ᠮᠠᠨ ᠤ ᠬᠤᠲᠠ ᠳᠤ ᠭᠦᠨᠵᠡᠭᠡᠶᠢᠷᠡᠨ ᠬᠤᠲᠠ ᠬᠥᠳᠡᠭᠡ ᠶᠢᠨ ᠪᠣᠬᠢᠷ ᠤᠰᠤ ᠶᠢ ᠰᠢᠢᠳᠪᠦᠷᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠮᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ ᠨᠠᠷ ᠪᠠᠷ᠎ᠠ ᠪᠤᠯᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠵᠢᠤᠢ ᠪᠦᠦ ᠵᠤᠸᠠᠩ ᠤᠰᠤᠨ ᠴᠥᠭᠦᠷᠥᠮ᠂ ᠵᠢᠶ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠹᠧᠩᠵᠧᠨ ᠬᠤᠲᠠ ᠶᠢᠨ ᠰᠢᠨ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠹᠧᠩᠵᠧᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢᠯᠡᠯ᠂ ᠹᠧᠩᠵᠧᠨ ᠬᠤᠲᠠ ᠶᠢᠨ ᠽᠧ ᠯᠦᠸᠧ ᠭᠧᠦ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠵᠢᠴᠢ ᠹᠧᠩᠵᠧᠨ ᠬᠤᠲᠠ ᠶᠢᠨ ᠵᠢᠶᠧ ᠶᠤᠸᠠᠨ ᠵᠦᠩ ᠤᠰᠤᠨ ᠤ ᠦᠢᠯᠡᠳᠪᠦᠷᠢ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠲᠦᠭᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠤᠬᠢᠷᠳᠤᠯ ᠭᠠᠳᠠᠭᠰᠢᠯᠠᠭᠤᠯᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠢᠢᠳᠪᠦᠷᠢᠯᠡᠬᠦ ᠲᠥᠰᠦᠯ ᠢ  ᠲᠤᠬᠠᠶ ᠶᠢᠨ ᠲᠠᠯᠠᠪᠤᠷ ᠲᠤ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠪᠠ᠃
   ᠪᠠᠶᠢᠴᠠᠭᠠᠨ ᠰᠤᠳᠤᠯᠤᠯᠲᠠ ᠳᠤ ᠵᠢᠭᠠᠵᠤ ᠭᠠᠷᠭᠠᠭᠰᠠᠨ ᠨᠢ᠂ ᠪᠣᠬᠢᠷ ᠤᠰᠤ ᠶᠢ ᠰᠢᠢᠳᠪᠦᠷᠢᠯᠡᠬᠦ ᠨᠢ ᠠᠮᠢᠳᠤᠷᠠᠯ ᠤᠨ ᠣᠷᠴᠢᠨ ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ ᠲᠠᠢ ᠨᠢᠭᠲᠠ ᠤᠶᠠᠯᠳᠤᠵᠤ᠂ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠳᠤ ᠠᠰᠢᠭᠲᠠᠢ ᠪᠠᠶᠢᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠡᠭᠦᠯᠳᠡᠷᠵᠢᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠬᠢᠯᠲᠠ ᠤᠰᠤ ᠶᠢ ᠠᠰᠢᠭᠯᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠳᠡᠢ︔ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠬᠢᠷ ᠤᠰᠤ ᠶᠢ  ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠶᠠᠪᠤᠴᠠ ᠳᠤ ᠢᠯᠡᠷᠡᠭᠰᠡᠨ ᠠᠰᠠᠭᠤᠳᠠᠯ ᠤᠳ ᠢ ᠨᠢᠭᠡᠳ ᠨᠢᠭᠡ ᠪᠠᠷ ᠰᠤᠳᠤᠯᠵᠤ᠂ ᠣᠨᠣᠪᠴᠢᠲᠠᠶ ᠰᠢᠢᠳᠪᠦᠷᠢᠯᠡᠵᠦ᠂ ᠪᠣᠬᠢᠷ ᠤᠰᠤ  ᠰᠢᠢᠳᠪᠦᠷᠢᠯᠡᠬᠦ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠵᠤ᠂  ᠲᠡᠭᠦᠨ ᠤ ᠶᠡᠷᠦᠩᠬᠡᠶᠢᠯᠡᠭᠰᠡᠨ ᠦᠷ᠎ᠡ ᠠᠰᠢᠭ ᠢ ᠨᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠳᠡᠢ᠃                              ᠨᠠᠶᠢᠷᠠᠭᠤᠯᠤᠭᠴᠢ᠄ ᠵᠠᠩ ᠾᠦᠢ                              ᠤᠷᠴᠢᠭᠤᠯᠤᠭᠴᠢ᠄ ᠬᠠᠨ ᠰᠢᠶᠤᠤ ᠿᠦᠩ                              ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3