| 10 ᠰᠠᠷ᠎ᠠ ᠶᠢᠨ 14 ᠤ ᠡᠳᠦᠷ᠂ ᠹᠧᠩᠵᠧᠨ ᠬᠤᠲᠠ ᠶᠢᠨ ᠵᠢᠦᠶ ᠪᠦᠦ ᠵᠤᠸᠠᠩ ᠪᠠᠯᠭᠠᠰᠤᠨ ᠤ ᠱᠢ ᠡᠯ ᠭᠧᠦ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ ᠯᠢ ᠰᠢᠶᠤᠤ ᠴᠧᠨ ᠠᠵᠢᠯᠯᠠᠬᠤ ᠠᠩᠭᠢ ᠶᠢᠨ | ᠭᠡᠰᠢᠭᠦᠨ ᠢᠶᠠᠨ ᠳᠠᠭᠠᠭᠤᠯᠤᠨ ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠳᠤ ᠬᠦᠷᠴᠦ᠂ ︽ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠨ ᠠᠷᠠᠳ ᠣᠯᠠᠨ ᠢ ᠬᠠᠯᠠᠮᠵᠢᠯᠠᠵᠤ᠂ ᠠᠷᠠᠳ ᠤᠨ ᠪᠠᠶᠢᠳᠠᠯ ᠢ ᠪᠡᠶ᠎ᠡ ᠪᠠᠷ ᠢᠶᠠᠨ | ᠤᠶᠢᠯᠠᠭᠠᠪᠠ︾ ᠬᠡᠬᠦ ᠦᠰᠦᠭᠳᠦ ᠬᠡᠮᠡᠷᠯᠢᠭ ᠲᠤᠭ ᠢ ᠬᠦᠷᠭᠡᠨ᠂ ᠹᠧᠩᠵᠧᠨ ᠬᠤᠲᠠ ᠶᠢᠨ ᠠᠷᠠᠳ ᠤᠨ ᠰᠢᠭᠦᠬᠦ | ᠬᠤᠷᠢᠶᠠᠨ ᠤ ᠬᠠᠪᠰᠤᠷᠤᠨ ᠲᠡᠳᠬᠦᠬᠦ ᠬᠠᠷᠢᠭᠤᠴᠠᠯᠭᠠᠳᠠᠳ ᠤᠨ ᠤᠷᠲᠤ ᠬᠤᠭᠤᠴᠠᠭᠠᠨ ᠤ ᠲᠤᠷᠰᠢ ᠨᠠᠷᠢᠯᠢᠭ | ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠢ ᠬᠦᠴᠦᠲᠡᠶ ᠳᠡᠮᠵᠢᠭᠰᠡᠨ ᠳᠤ ᠲᠠᠯᠠᠷᠬᠠᠯ ᠢᠶᠠᠨ ᠢᠯᠡᠳᠭᠡᠪᠡ᠃ | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠦᠭᠰᠡᠨ ᠠᠴᠠ ᠨᠠᠭᠠᠰᠢ᠂ | ᠹᠧᠩᠵᠧᠨ ᠬᠤᠲᠠ ᠶᠢᠨ ᠰᠢᠭᠦᠬᠦ ᠬᠤᠷᠢᠶᠠᠨ ᠤ ᠪᠦᠬᠦ ᠬᠠᠷᠢᠭᠤᠴᠠᠯᠭ᠎ᠠ ᠡᠭᠦᠷᠭᠡᠯᠡᠭᠴᠢᠳ ᠵᠢᠳᠬᠦᠯ ᠴᠢᠷᠮᠠᠶᠢᠯᠭ᠎ᠠ | ᠭᠠᠷᠭᠠᠵᠦ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠢᠶᠠᠨ ᠢᠳᠡᠪᠬᠢᠲᠡᠢ | ᠥᠷᠨᠢᠭᠦᠯᠪᠡ᠃ ᠰᠢᠭᠦᠬᠦ ᠬᠤᠷᠢᠶᠠᠨ ᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠷᠢᠶᠡᠨ ᠤ | ᠺᠠᠳ᠋ᠷ ᠴᠠᠭᠳᠠᠭ᠎ᠠ ᠨᠠᠷ ᠢ ᠣᠯᠠᠨ ᠤᠳᠠᠭ᠎ᠠ ᠵᠣᠬᠢᠶᠠᠨ ᠪᠠᠶᠢᠭᠤᠯᠵᠤ ᠶᠠᠳᠠᠭᠤ ᠬᠦᠴᠢᠷᠲᠡᠶ ᠡᠷᠦᠬᠡ ᠶᠢᠨ ᠭᠡᠷ ᠲᠤ | ᠭᠦᠨᠵᠡᠭᠡᠶᠢᠷᠡᠨ ᠪᠠᠶᠢᠴᠠᠭᠠᠯᠲᠠ ᠬᠢᠵᠦ᠂ ᠶᠠᠳᠠᠭᠤ ᠬᠦᠴᠢᠷᠲᠡᠶ ᠡᠷᠦᠬᠡ ᠶᠢᠨ ᠶᠠᠳᠠᠭᠤᠷᠠᠭᠰᠠᠨ ᠰᠢᠯᠳᠠᠭᠠᠨ ᠢ ᠬᠢᠨᠠᠮᠠᠭᠠᠶ | ᠵᠠᠳᠠᠯᠵᠤ᠂ ᠲᠣᠰᠬᠤᠨ ᠢ ᠲᠠᠭᠠᠭᠠᠨ ᠠᠪᠴᠦ ᠲᠡᠳᠬᠦᠬᠦ ᠪᠣᠳᠠᠲᠠᠶ ᠬᠦᠴᠢᠷᠳᠡᠯ ᠲᠠᠢ ᠤᠶᠠᠯᠳᠤᠭᠤᠯᠤᠨ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠠᠭᠠᠨ ᠳᠣᠭᠢᠷᠬᠠᠰᠠᠨ ᠶᠠᠳᠠᠭᠤ ᠠᠴᠠ ᠠᠩᠭᠢᠵᠢᠷᠠᠭᠤᠯᠬᠤ ᠰᠡᠳᠬᠢᠮᠵᠢ ᠶᠢ ᠠᠪᠴᠤ᠂ | ᠬᠠᠭᠤᠷᠠᠶ ᠲᠠᠷᠢᠶᠠᠨ ᠤ ᠲᠠᠷᠢᠮᠠᠯ ᠲᠠᠷᠢᠬᠤ ᠶᠢ ᠢᠳᠡᠪᠬᠢᠲᠡᠶ ᠳᠡᠯᠭᠡᠷᠡᠭᠦᠯᠵᠦ᠂ ᠣᠶᠤᠨ ᠤᠬᠠᠭᠠᠨ ᠢ ᠲᠡᠳᠬᠦᠬᠦ ᠪᠠ | ᠵᠣᠷᠢᠭ ᠰᠠᠨᠠᠭ᠎ᠠ ᠶᠢ ᠲᠡᠳᠬᠦᠬᠦ ᠶᠢ ᠤᠶᠠᠯᠳᠤᠭᠤᠯᠵᠤ᠂ ᠥᠪᠡᠷ ᠤᠨ ᠪᠡᠶ᠎ᠡ ᠪᠠᠷ ᠢᠶᠠᠨ ᠴᠢᠰᠤ ᠪᠦᠲᠦᠭᠡᠬᠦ ᠠᠵᠢᠯ | ᠦᠢᠯᠡᠰ ᠤᠨ ᠬᠥᠭᠵᠢᠯᠲᠡ ᠶᠢᠨ ᠬᠡᠯᠪᠡᠷᠢ ᠶᠢ ᠪᠠᠷᠢᠮᠳᠠᠯᠠᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠪᠠᠶᠠᠵᠢᠨ | ᠴᠢᠨᠡᠭᠡᠯᠢᠭᠵᠢᠬᠦ ᠶᠢ ᠳᠠᠶᠢᠴᠢᠯᠠᠨ᠂ ᠡᠳ᠋ ᠪᠣᠳᠠᠰ ᠤᠨ ᠳᠡᠮᠵᠢᠯᠭᠡ ᠦᠵᠡᠭᠦᠯᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠬᠢᠮᠢ ᠶᠢᠨ ᠪᠣᠷᠳᠣᠭᠤᠷ ᠢ ᠡᠷᠦᠬᠡ ᠳᠤ ᠬᠦᠷᠭᠡᠵᠦ᠂ | ᠤᠯᠠᠮᠵᠢᠯᠠᠯᠲᠤ ᠪᠠᠶᠠᠷ ᠤᠨ ᠡᠳᠦᠷ ᠲᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ | 2020 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠵᠢᠯ ᠪᠠᠶᠢᠵᠤ᠂ | ᠹᠧᠩᠵᠧᠨ ᠬᠤᠲᠠ ᠶᠢᠨ ᠰᠢᠭᠦᠬᠦ ᠬᠤᠷᠢᠶ᠎ᠠ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠶᠠᠳᠠᠭᠤ ᠶᠢ ᠲᠡᠳᠬᠦᠬᠦ ᠡᠯ᠎ᠡ ᠵᠦᠢᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠥᠷᠨᠢᠭᠦᠯᠵᠦ᠂ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠦᠵᠡᠬᠦᠯᠪᠡᠰᠦ ᠵᠤᠬᠢᠬᠤ | ᠬᠤᠪᠢ ᠨᠡᠮᠡᠷᠢ ᠪᠠᠨᠦᠵᠡᠭᠦᠯᠪᠡ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |