| ᠤᠯᠤᠰ ᠤᠨ ᠨᠢᠭᠤᠴᠠ ᠨᠢ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠳᠤ ᠬᠤᠯᠪᠣᠭᠳᠠᠵᠤ᠂ ᠨᠠᠮ ᠪᠠ | ᠤᠯᠤᠰ ᠤᠨ ᠨᠢᠭᠤᠴᠠ ᠶᠢ ᠬᠠᠮᠠᠭᠠᠯᠠᠬᠤ ᠨᠢ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ | ᠮᠥᠨ᠃ ᠠᠷᠠᠳ ᠢᠷᠭᠡᠨ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠬᠠᠮᠰᠠᠷᠲᠤ | ᠠᠵᠢᠯᠯᠠᠭ᠎ᠠ ᠪᠠᠷ ᠨᠠᠮ ᠪᠠ ᠤᠯᠤᠰ ᠤᠨ ᠨᠢᠭᠤᠴᠠ ᠤᠨ ᠠᠮᠤᠷ ᠲᠦᠪᠰᠢᠨ ᠢ ᠬᠠᠮᠠᠭᠠᠯᠠᠬᠤ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠴᠣᠭᠴᠠᠯᠠᠬᠤ ᠬᠡᠷᠡᠭᠲᠡᠶ᠃ | ᠶᠠᠭᠤ ᠶᠢ ᠨᠢᠭᠤᠴᠠ ᠶᠢ ᠵᠠᠳᠠᠷᠠᠭᠤᠯᠬᠤ ᠭᠡᠬᠦ ᠪᠤᠢ︖ | ᠨᠢᠭᠤᠴᠠ ᠶᠢ ᠵᠠᠳᠠᠷᠠᠭᠤᠯᠬᠤ ᠭᠡᠳᠡᠭ ᠨᠢ ᠳᠣᠤᠷ᠎ᠠ ᠵᠢᠭᠰᠠᠭᠠᠭᠰᠠᠨ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢᠨ ᠨᠢᠭᠡ ᠶᠢ ᠵᠢᠭᠠᠵᠤ ᠪᠠᠶᠢᠨ᠎ᠠ᠄ | ︵1︶ ᠤᠯᠤᠰ ᠤᠨ ᠨᠢᠭᠤᠴᠠ ᠶᠢ ᠮᠡᠳᠡᠬᠦ ᠶᠣᠰᠣ ᠦᠭᠡᠢ ᠬᠥᠮᠦᠨ ᠳᠤ ᠮᠡᠳᠡᠭᠦᠯᠦᠭᠰᠡᠨ︔ | ︵2︶ ᠤᠯᠤᠰ ᠤᠨ ᠨᠢᠭᠤᠴᠠ ᠶᠢ ᠬᠢᠵᠠᠭᠠᠷᠯᠠᠭᠰᠠᠨ ᠬᠦᠷᠦᠯᠴᠡᠬᠦ ᠬᠡᠪᠴᠢᠶ᠎ᠡ ᠠᠴᠠ ᠳᠠᠪᠠᠭᠤᠯᠤᠭᠰᠠᠨ ᠮᠦᠷᠳᠡᠭᠡᠨ | ᠮᠡᠳᠡᠬᠦ ᠶᠤᠰᠤ ᠦᠭᠡᠢ ᠡᠳᠡᠭᠡᠳ ᠲᠤ ᠡᠰᠡ ᠮᠡᠳᠡᠭᠳᠡᠭᠰᠡᠨ ᠢᠶᠠᠨ ᠭᠡᠷᠡᠴᠢᠯᠡᠵᠦ ᠳᠡᠶᠢᠯᠬᠦ ᠦᠭᠡᠢ᠃ | ᠤᠯᠤᠰ ᠤᠨ ᠨᠢᠭᠤᠴᠠ ᠶᠢᠨ ᠠᠴᠢᠶᠠᠯᠠᠭᠴᠢ ᠨᠢ ᠶᠠᠮᠠᠷ ᠬᠡᠳᠦᠨ ᠲᠥᠷᠥᠯ ᠪᠠᠶᠢᠳᠠᠭ ᠪᠣᠶ︖ | ᠤᠯᠤᠰ ᠤᠨ ᠨᠢᠭᠤᠴᠠ ᠶᠢᠨ ᠠᠴᠢᠶᠠᠯᠠᠭᠴᠢ ᠭᠡᠳᠡᠭ ᠨᠢ ᠤᠯᠤᠰ ᠤᠨ ᠨᠢᠭᠤᠴᠠ ᠶᠢᠨ ᠮᠡᠳᠡᠭᠡ ᠵᠠᠩᠭᠢ ᠶᠢ | ᠲᠡᠮᠳᠡᠭᠯᠡᠭᠰᠡᠨ ᠪᠡᠶ᠎ᠡ ᠶᠢ ᠵᠢᠭᠠᠵᠤ ᠪᠠᠶᠢᠨ᠎ᠠ᠃ ᠪᠣᠳᠠᠲᠠᠶ ᠤᠯᠤᠰ ᠤᠨ ᠨᠢᠭᠤᠴᠠ ᠶᠢᠨ ᠠᠴᠢᠶᠠᠯᠠᠪᠤᠷᠢ ᠨᠢ ᠭᠤᠤᠯᠳᠠᠭᠤ | ᠳᠣᠤᠷᠠᠬᠢ ᠬᠡᠳᠦᠨ ᠲᠥᠷᠥᠯ ᠪᠣᠶ᠄ | ︵ᠨᠢᠭᠡ︶ ᠦᠰᠦᠭ ᠪᠢᠴᠢᠭ᠂ ᠵᠢᠷᠤᠭ ᠳᠦᠷᠰᠦ᠂ ᠤᠯᠤᠰ ᠤᠨ ᠨᠢᠭᠤᠴᠠ ᠮᠡᠳᠡᠭᠡ ᠵᠠᠩᠭᠢ ᠶᠢ ᠲᠡᠮᠳᠡᠭᠯᠡᠬᠦ ᠳᠤ | ᠨᠡᠶᠢᠴᠡᠬᠦ ᠴᠠᠭᠠᠰᠤᠨ ᠬᠡᠯᠪᠡᠷᠢ ᠶᠢᠨ ᠵᠠᠭᠤᠴᠢ ᠠᠴᠢᠶᠠᠯᠠᠭᠴᠢ᠃ ᠵᠢᠱᠢᠶᠡᠯᠡᠪᠡᠯ ᠤᠯᠤᠰ ᠤᠨ ᠨᠢᠭᠤᠴᠠ ᠪᠢᠴᠢᠭ | ᠮᠠᠲ᠋ᠧᠷᠢᠶᠠᠯ᠂ ᠡᠬᠡ ᠪᠢᠴᠢᠭ᠂ ᠪᠢᠴᠢᠭ ᠬᠠᠷ᠎ᠠ᠂ ᠳᠠᠩᠰᠠ ᠡᠪᠬᠡᠮᠡᠯ᠂ ᠴᠠᠬᠢᠯᠭᠠᠨ ᠮᠡᠳᠡᠭᠡ᠂ ᠵᠠᠬᠢᠳᠠᠯ ᠴᠢᠮᠡᠭᠡ᠂ ᠲᠤᠭ᠎ᠠ | ᠪᠠᠷᠢᠮᠲᠠ ᠶᠢᠨ ᠪᠦᠷᠢᠳᠬᠡᠯ᠂ ᠵᠢᠷᠤᠭ ᠬᠦᠰᠦᠨᠦᠭᠲᠦ᠂ ᠭᠠᠵᠠᠷ ᠤᠨ ᠵᠢᠷᠤᠭ᠂ ᠭᠡᠷᠡᠯ ᠵᠢᠷᠤᠭ᠂ ᠨᠣᠮ ᠰᠡᠳᠬᠦᠯ ᠵᠢᠴᠢ | ᠪᠤᠰᠤᠳ ᠵᠢᠷᠤᠭᠲᠤ ᠪᠢᠴᠢᠭ ᠮᠠᠲ᠋ᠧᠷᠢᠶᠠᠯ ᠵᠡᠷᠭᠡ ᠪᠣᠯᠤᠨ᠎ᠠ᠃ ᠬᠥᠮᠦᠰ ᠶᠡᠷᠦ ᠳᠡᠭᠡᠨ ᠲᠡᠭᠦᠨ ᠢ ᠤᠯᠤᠰ ᠤᠨ ᠨᠢᠭᠤᠴᠠ | ᠪᠢᠴᠢᠭ ᠮᠠᠲ᠋ᠧᠷᠢᠶᠠᠯ᠂ ᠮᠠᠲ᠋ᠧᠷᠢᠶᠠᠯ ᠭᠡᠵᠦ ᠶᠡᠷᠦᠩᠬᠡᠶᠢᠯᠡᠨ ᠨᠡᠷᠡᠯᠡᠳᠡᠭ᠃ | ︵ᠬᠤᠶᠠᠷ︶ ᠤᠯᠤᠰ ᠤᠨ ᠨᠢᠭᠤᠴᠠ ᠮᠡᠳᠡᠭᠡ ᠵᠠᠩᠭᠢ ᠶᠢᠨ ᠠᠴᠢᠶᠠᠯᠠᠪᠤᠷᠢ ᠶᠢ ᠰᠣᠷᠢᠨᠵᠢᠨᠲᠤ ᠪᠣᠳᠠᠰ ᠢᠶᠠᠷ | ᠳᠡᠮᠳᠡᠭᠯᠡᠨ᠎ᠡ᠃ ᠵᠢᠱᠢᠶᠡᠯᠡᠪᠡᠯ ᠤᠯᠤᠰ ᠤᠨ ᠨᠢᠭᠤᠴᠠ ᠮᠡᠳᠡᠭᠡ ᠵᠠᠩᠭᠢ ᠶᠢ ᠲᠡᠮᠳᠡᠭᠯᠡᠵᠦ ᠪᠠᠶᠢᠭ᠎ᠠ ᠺᠣᠮᠫᠢᠦ᠋ᠲ᠋ᠧᠷ ᠤᠨ | ᠳ᠋ᠢᠰᠺ ︵ᠵᠥᠭᠡᠯᠡᠨ ᠳ᠋ᠢᠰᠺ᠂ ᠬᠠᠲᠠᠭᠤ ᠳ᠋ᠢᠰᠺ ᠪᠠᠭᠲᠠᠨ᠎ᠠ︶᠂ ᠭᠡᠷᠡᠯᠯᠢᠭ ᠳ᠋ᠢᠰᠺ᠂ U ᠳ᠋ᠢᠰᠺ᠂ ᠰᠢᠯᠵᠢᠮᠡᠯ ᠬᠠᠲᠠᠭᠤ | ᠳ᠋ᠢᠰᠺ᠂ ᠰᠣᠷᠢᠨᠵᠢᠨ ᠲᠠᠶᠢᠫ᠂ ᠳᠠᠭᠤ ᠰᠢᠩᠭᠡᠭᠡᠯᠲᠡ ᠶᠢᠨ ᠲᠠᠶᠢᠫ᠂ ᠳᠦᠷᠰᠦ ᠰᠢᠩᠭᠡᠭᠡᠯᠲᠡ ᠶᠢᠨ ᠲᠠᠶᠢᠫ ᠵᠡᠷᠭᠡ᠃ | ︵ᠭᠤᠷᠪᠠ︶ ᠴᠠᠬᠢᠯᠭᠠᠨ᠂ ᠭᠡᠷᠡᠯ ᠤᠨ ᠳᠣᠬᠢᠶ᠎ᠠ ᠪᠠᠷ ᠤᠯᠤᠰ ᠤᠨ ᠨᠢᠭᠤᠴᠠ ᠮᠡᠳᠡᠭᠡ ᠵᠠᠩᠭᠢ ᠶᠢ ᠳᠠᠮᠵᠢᠭᠤᠯᠬᠤ | ᠠᠴᠢᠶᠠᠯᠠᠪᠤᠷᠢ᠃ ᠵᠢᠱᠢᠶᠡᠯᠡᠪᠡᠯ ᠴᠠᠬᠢᠯᠭᠠᠨ ᠳᠣᠯᠭᠢᠶᠠᠨ᠂ ᠭᠡᠷᠡᠯ ᠰᠢᠷᠬᠡᠭ ᠵᠡᠷᠭᠡ᠃ | ︵ᠲᠦᠷᠪᠡ︶ ᠤᠯᠤᠰ ᠤᠨ ᠨᠢᠭᠤᠴᠠ ᠮᠡᠳᠡᠭᠡ ᠵᠠᠩᠭᠢ ᠶᠢ ᠠᠭᠤᠯᠤᠭᠰᠠᠨ ᠲᠥᠬᠦᠭᠡᠷᠦᠮᠵᠢ᠂ ᠬᠡᠮᠵᠢᠭᠦᠷᠯᠢᠭ᠂ | ᠦᠢᠯᠡᠳᠭᠦᠨ ᠵᠡᠷᠭᠡ ᠠᠴᠢᠶᠠᠯᠠᠭᠴᠢ᠃ | ᠶᠠᠭᠤᠨ ᠳᠤ ᠤᠯᠤᠰ ᠤᠨ ᠨᠢᠭᠤᠴᠠ ᠶᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠭᠡᠵᠦ | ᠬᠡᠯᠡᠳᠡᠭ ᠪᠤᠢ︖ | ᠤᠯᠤᠰ ᠤᠨ ᠨᠢᠭᠤᠴᠠ ᠶᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠮᠥᠨ᠂ ᠡᠭᠦᠨ ᠢ | ᠮᠠᠨ ᠤ ᠤᠯᠤᠰ ᠤᠨ ᠦᠨᠳᠦᠰᠦᠨ ᠶᠡᠭᠡ ᠬᠠᠤᠯᠢ ︽ᠦᠨᠳᠦᠰᠦᠨ ᠬᠠᠤᠯᠢ︾ ᠪᠣᠯᠤᠨ ︽ᠨᠢᠭᠤᠴᠠ ᠶᠢ ᠬᠠᠮᠠᠭᠠᠯᠠᠬᠤ | ᠬᠠᠦᠯᠢ︾ ᠳᠤ ᠲᠣᠳᠣᠷᠬᠠᠶ ᠲᠣᠭᠲᠠᠭᠠᠭᠰᠠᠨ ᠪᠠᠶᠢᠳᠠᠭ᠃ | ︽ᠦᠨᠳᠦᠰᠦᠨ ᠬᠠᠤᠯᠢ︾ ᠶᠢᠨ ᠲᠠᠪᠢᠨ ᠭᠤᠷᠪᠠᠳᠤᠭᠠᠷ ᠵᠦᠢᠯ ᠳᠤ᠄ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠢᠷᠭᠡᠨ ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ | ᠬᠡᠷᠡᠭᠲᠡᠶ᠂ ᠤᠯᠤᠰ ᠤᠨ ᠨᠢᠭᠤᠴᠠ ᠶᠢ ᠬᠠᠮᠠᠭᠠᠯᠠᠨ᠎ᠠ ᠁ ᠁︾ ︽ᠦᠨᠳᠦᠰᠦᠨ ᠬᠠᠤᠯᠢ︾ ᠶᠢᠨ ᠲᠠᠪᠢᠨ | ᠳᠥᠷᠪᠡᠳᠦᠭᠡᠷ ᠵᠦᠢᠯ ᠳᠤ ᠪᠠᠰᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠡᠭᠡ | ᠣᠷᠣᠨ ᠤ ᠪᠠᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠠᠮᠠᠭᠠᠯᠠᠬᠤ ᠡᠭᠦᠷᠭᠡ ᠲᠠᠢ᠃ ᠡᠭᠡ | ᠣᠷᠣᠨ ᠤ ᠪᠠᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠤᠭᠰᠠᠨ ᠤᠢᠢᠯᠠ | ᠠᠵᠢᠯᠯᠠᠭ᠎ᠠ ᠲᠠᠢ ᠪᠠᠶᠢᠵᠤ ᠪᠣᠯᠬᠤ ᠤᠢᠭᠡᠢ᠃ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠭᠤᠷᠪᠠᠳᠤᠭᠠᠷ | ᠵᠦᠢᠯ ᠳᠤ᠄ ︽ᠠᠯᠢᠪᠠ ᠲᠦᠷᠦ ᠶᠢᠨ ᠪᠠᠶᠢᠭᠤᠯᠭ᠎ᠠ᠂ ᠵᠡᠪᠰᠡᠭᠳᠦ ᠬᠦᠴᠦᠨ᠂ ᠲᠦᠷᠦ ᠶᠢᠨ ᠨᠠᠮ᠂ ᠨᠡᠶᠢᠭᠡᠮ ᠤᠨ | ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠷᠠᠳ ᠢᠷᠭᠡᠨ ᠴᠥᠮ ᠤᠯᠤᠰ ᠤᠨ ᠨᠢᠭᠤᠴᠠ ᠶᠢ | ᠬᠠᠮᠠᠭᠠᠯᠠᠬᠤ ᠡᠭᠦᠷᠭᠡ ᠲᠠᠢ︾᠃ | ᠥᠭᠡᠷ᠎ᠡ ᠪᠠᠷ ᠬᠡᠯᠡᠪᠡᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠪᠦᠬᠦᠠ᠂ | ᠮᠠᠨ ᠤ ᠤᠯᠤᠰ ᠤᠨ ︽ᠦᠨᠳᠦᠰᠦᠨ ᠬᠠᠤᠯᠢ︾ ᠪᠣᠯᠤᠨ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ | ᠠᠷᠠᠳ ᠢᠷᠭᠡᠨ ᠤ ᠡᠷᠬᠡ ᠠᠰᠢᠭ ᠢ ᠡᠳ᠋ᠯᠡᠬᠦ ᠶᠢᠨ ᠬᠠᠮᠲᠤ᠂ ᠠᠷᠠᠳ ᠢᠷᠭᠡᠨ ᠤ ᠡᠭᠦᠷᠭᠡ ᠶᠢ ᠡᠷᠬᠡᠪᠰᠢ ᠡᠭᠦᠷᠭᠡᠯᠡᠬᠦ | ᠬᠡᠷᠡᠭᠲᠡᠶ᠃ ᠤᠯᠤᠰ ᠤᠨ ᠨᠢᠭᠤᠴᠠ ᠶᠢ ᠬᠠᠮᠠᠭᠠᠯᠠᠬᠤ ᠨᠢ ᠤᠯᠤᠰ ᠤᠨ ᠠᠮᠤᠷ ᠲᠦᠪᠰᠢᠨ ᠪᠠ ᠠᠰᠢᠭ ᠲᠤᠰᠠ ᠳᠤ | ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠥᠭᠡᠷᠡᠴᠢᠯᠡᠯᠲᠡ ᠨᠡᠭᠡᠭᠡᠯᠳᠠ ᠪᠣᠯᠤᠨ | ᠠᠵᠤ ᠠᠬᠤᠢ ᠶᠢᠨ ᠪᠦᠳᠦᠭᠡᠠ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠳᠤ ᠬᠤᠯᠪᠣᠭᠳᠠᠵᠤ ᠪᠠᠶᠢᠳᠠᠭ᠃ | ᠡᠶᠢᠮᠦ ᠠᠴᠠ ᠤᠯᠤᠰ ᠤᠨ ᠨᠢᠭᠤᠴᠠ ᠶᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠭᠡᠪᠡᠰᠦ ᠵᠣᠬᠢᠬᠤ | ᠡᠭᠦᠷᠭᠡ ᠮᠥᠨ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |