︽ᠴᠢᠨᠡᠭᠡᠯᠢᠭ ᠠᠮᠢᠳᠤᠷᠠᠯ ᠵᠦᠭ ᠤᠷᠤᠭᠰᠢᠯᠠᠶ᠎ᠠ︾ ᠶᠠᠳᠠᠭᠤ ᠬᠦᠴᠢᠷᠳᠡᠯᠲᠡᠶ ᠡᠷᠦᠬᠡ ᠵᠣᠣ ᠶᠢᠨ ᠾᠧ᠄ ᠮᠠᠨᠲᠠᠤ ᠵᠢᠩᠨᠡᠬᠦ ᠳᠤ ᠲᠦᠰᠢᠭᠯᠡᠨ ᠴᠢᠨᠡᠭᠡᠯᠢᠭ ᠠᠮᠢᠳᠤᠷᠠᠯ ᠢᠶᠠᠨ ᠴᠤᠭᠴᠠᠯᠠᠪᠠ
ᠨᠡᠶᠢᠲᠡᠯᠡᠭᠰᠡᠨ ᠴᠠᠭ᠄
2020/10/30
   2017 ᠤᠨ ᠤ ᠲᠡᠷᠭᠡᠨ ᠠᠳᠡᠯ ᠢᠶᠠᠷ ᠭᠤᠸᠠᠨ ᠳᠦᠨ ᠪᠦ᠋ ᠰᠢᠶᠠᠩ ᠤᠨ ᠬᠤᠸᠠᠨ ᠽᠢ ᠸᠧ ᠶᠢᠨ ᠪᠠᠶᠢᠭᠠᠯᠯᠢᠭ ᠲᠣᠰᠬᠤᠨ ᠤ ᠠᠷᠠᠳ ᠵᠣᠣ ᠶᠢᠨ ᠾᠧ ᠶᠢᠨ ᠵᠡᠭᠦᠨ ᠬᠥᠯ ᠤᠨ ᠶᠠᠰᠦᠨ ᠤ ᠲᠠᠪᠤᠨ ᠭᠠᠵᠠᠷ ᠨᠢ  ᠬᠡᠮᠬᠡᠷᠡᠯ ᠤᠨ ᠴᠢᠨᠠᠷᠳᠠᠢ ᠬᠤᠭᠤᠷᠠᠯ ᠳᠤ ᠤᠴᠠᠷᠠᠨ᠂ ᠡᠮᠨᠡᠨ ᠵᠠᠰᠠᠭᠰᠠᠨ ᠠᠴᠠ ᠪᠤᠯᠵᠤ ᠪᠤᠰᠤᠳ ᠲᠤ ᠠᠷᠪᠠᠨ ᠳ᠋ᠦᠩᠰᠢᠭᠤᠷ ᠭᠠᠷᠤᠢ ᠲᠦᠭᠦᠷᠢᠭ ᠦᠷᠢᠳᠡᠵᠦ᠂ ᠠᠮᠢᠳᠤᠷᠠᠯ ᠨᠢ ᠬᠦᠴᠢᠷᠳᠡᠨ᠂ ᠠᠷᠠᠳᠴᠢᠯᠠᠯ ᠢᠶᠠᠷ ᠦᠨᠡᠯᠡᠬᠦ ᠪᠠᠷ ᠳᠠᠮᠵᠢᠨ ᠤᠨᠢᠨ ᠲᠡᠭᠡᠷ᠎ᠡ  ᠨᠢ ᠶᠠᠳᠠᠭᠤ ᠶᠢ ᠲᠡᠳᠬᠦᠬᠦ ᠡᠷᠦᠬᠡ ᠪᠠᠷ ᠦᠨᠡᠯᠡᠭᠳᠡᠪᠡ᠃ ᠭᠡᠪᠡᠴᠦ ᠲᠡᠷᠡ ᠪᠡᠶ᠎ᠡ ᠵᠡᠮᠳᠡᠭ ᠪᠤᠯᠪᠠᠴᠦ ᠵᠤᠷᠢᠭ ᠮᠤᠬᠤᠬᠰᠠᠨ ᠦᠬᠡᠢ᠂ ᠮᠠᠨᠳᠠᠤ ᠵᠢᠩᠨᠡᠬᠦ ᠪᠠᠷ ᠲᠠᠮᠵᠢᠨ ᠶᠠᠳᠠᠭᠤ ᠠᠴᠠ ᠠᠩᠬᠢᠵᠢᠷᠠᠨ᠂ ᠨᠤᠲᠤᠭ ᠤᠨ ᠠᠬ᠎ᠠ ᠳᠡᠭᠦᠦ ᠨᠡᠷ ᠲᠤ ᠪᠠᠨ ᠮᠠᠭᠲᠠᠨ ᠰᠠᠶᠢᠰᠢᠶᠠᠭᠳᠠᠭᠰᠠᠨ ᠶᠠᠳᠠᠭᠤ ᠠᠴᠠ ᠠᠩᠬᠢᠵᠢᠷᠠᠭᠰᠠᠨ ᠤᠳᠤᠨ ᠪᠤᠯᠪᠠ᠃
   ᠵᠤᠤ ᠶᠢᠨ ᠾᠧ ᠶᠢᠨ ᠭᠡᠷ ᠲᠤ ᠬᠦᠷᠦᠭᠰᠡᠨ ᠰᠤᠷᠪᠤᠯᠵᠢᠯᠠᠭᠴᠢ ᠬᠠᠰᠢᠶ᠎ᠠ ᠬᠦᠷᠢᠶ᠎ᠡ ᠶᠢᠨ ᠴᠡᠪᠡᠷ ᠲᠡᠭᠰᠢᠬᠡᠨ ᠪᠠ ᠵᠢᠵᠢᠭ ᠨᠣᠭᠤᠭ᠎ᠠ ᠶᠢᠨ ᠬᠦᠷᠢᠶᠡᠯᠡᠩ ᠠᠴᠠ ᠲᠡᠭᠦᠨ ᠤ ᠠᠵᠢᠯᠴᠢ ᠬᠥᠳᠡᠯᠮᠦᠷᠢᠴᠢ ᠲᠠᠷᠢᠶᠠᠴᠢᠨ ᠪᠣᠯᠬᠤ ᠶᠢ ᠮᠡᠳᠡᠪᠡ᠃ ᠵᠤᠤ ᠶᠢᠨ ᠾᠧ ᠥᠪᠡᠷ ᠤᠨ ᠲᠤᠬᠠᠶ ᠶᠢᠨ ᠵᠢᠯ ᠤᠨ ᠡᠪᠡᠳᠴᠢᠨ ᠦᠵᠡᠭᠦᠯᠦᠭᠰᠡᠨ ᠡᠮᠨᠡᠯᠭᠡ ᠶᠢᠨ ᠭᠡᠷᠡᠴᠢ ᠪᠠᠨ ᠭᠠᠷᠭᠠᠨ ᠲᠤᠬᠠᠢ ᠶᠢᠨ ᠦᠶ᠎ᠡ ᠶᠢᠨ ᠲᠡᠷᠭᠡᠨ ᠠᠳᠡᠯ ᠢᠶᠠᠨ ᠡᠷᠬᠢᠴᠡᠬᠦᠯᠬᠦ ᠳᠤ ᠠᠶᠤᠵᠤ ᠰᠦᠷᠳᠡᠭᠰᠡᠨ ᠪᠠᠶᠢᠳᠠᠯ ᠢᠯᠡᠷᠡᠵᠦ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠤ ᠳᠠᠷᠠᠭ᠎ᠠ ᠠᠮᠢ ᠵᠢᠭᠤᠬᠤ ᠶᠢ ᠪᠤᠳᠤᠬᠰᠠᠨ ᠦᠩᠭᠡᠷᠡᠯᠳᠡ ᠪᠠᠨ ᠪᠠᠰᠠ ᠶᠠᠷᠢᠵᠦ ᠦᠭᠪᠡ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠲᠣᠰᠬᠤᠨ ᠤ ᠠᠷᠠᠳ ᠤᠨ ᠵᠥᠪᠯᠡᠯ ᠢᠳᠡᠪᠬᠢᠲᠡᠶ ᠬᠠᠪᠰᠤᠷᠤᠯᠭ᠎ᠠ ᠦᠵᠡᠭᠦᠯᠵᠦ᠂ ᠲᠡᠭᠦᠨ ᠤ ᠠᠮᠢᠳᠤᠷᠠᠯ ᠤᠨ ᠢᠲᠡᠭᠡᠯ ᠢ ᠳᠠᠬᠢᠨ ᠤᠯᠭᠤᠪᠠ᠃    ᠵᠤᠤ ᠶᠢᠨ ᠾᠧ ᠶᠠᠳᠠᠭᠤ ᠶᠢ ᠲᠡᠳᠬᠦᠬᠦ ᠵᠢᠭᠡᠯᠡᠯᠭᠡ ᠶᠢ ᠠᠰᠢᠭᠯᠠᠨ ᠮᠠᠨᠲᠠᠤ᠂ ᠭᠤᠯᠢᠷ ᠳᠠᠷᠤᠬᠤ ᠮᠠᠰᠢᠨ ᠵᠡᠷᠭᠡ ᠭᠤᠤᠯ ᠢᠳᠡᠭᠡᠨ ᠤ ᠮᠠᠰᠢᠨ ᠬᠤᠳᠠᠯᠳᠤᠨ ᠠᠪᠴᠤ᠂ ᠵᠢᠵᠢᠭ ᠫᠦᠰᠡ ᠡᠷᠭᠢᠯᠡᠨ᠂ ᠡᠳᠦᠷ ᠪᠦᠷᠢ ᠶᠢᠨ ᠦᠳᠡ ᠶᠢᠨ ᠬᠤᠶᠢᠨ᠎ᠠ ᠬᠥᠭᠰᠢᠨ ᠲᠠᠢ ᠪᠠᠨ ᠭᠠᠯ ᠨᠤᠴᠤᠭᠠᠨ ᠮᠠᠨᠲᠠᠤ ᠪᠠᠨ ᠵᠢᠩᠨᠡᠵᠦ᠂ ᠬᠤᠶᠠᠳᠤᠭᠠᠷ ᠡᠳᠦᠷ ᠤᠨ ᠡᠷᠲᠡ ᠠᠴᠠ ᠡᠬᠢᠯᠡᠨ ᠬᠤᠳᠠᠯᠳᠤᠨ᠎ᠠ᠃ ᠲᠡᠭᠦᠨ ᠤ ᠦᠢᠯᠡᠳᠪᠦᠷᠢᠯᠡᠭᠰᠡᠨ ᠮᠠᠨᠲᠠᠤ ᠨᠢ ᠴᠣᠯ ᠬᠤᠵᠢᠷ ᠢᠶᠠᠷ ᠬᠢᠭᠰᠡᠨ ᠤᠴᠢᠷ ᠠᠴᠠ ᠡᠷᠭᠢᠨ ᠲᠣᠭᠤᠷᠢᠨ ᠤ ᠲᠣᠰᠬᠤᠨ ᠤ ᠠᠷᠠᠳ ᠤᠨ ᠬᠦᠷᠢᠶᠡᠯᠡᠯ ᠢ ᠶᠡᠬᠡᠪᠡᠷ ᠣᠯᠵᠤ᠂ ᠣᠳᠣ ᠪᠣᠷᠣᠯᠠᠭᠤᠯᠭ᠎ᠠ ᠶᠢᠨ ᠬᠡᠪᠴᠢᠶ᠎ᠡ ᠪᠠᠨ ᠣᠶᠢᠷ᠎ᠠ ᠬᠠᠪᠢ ᠶᠢᠨ ᠵᠠᠰᠠᠭ ᠵᠠᠬᠢᠷᠭᠠᠨ ᠤ ᠲᠣᠰᠬᠤᠨ ᠬᠦᠷᠲᠡᠯ᠎ᠡ ᠦᠷᠭᠡᠳᠭᠡᠵᠦ᠂ ᠡᠳᠦᠷ ᠪᠦᠷᠢ ᠬᠠᠮᠤᠭ ᠪᠠᠭ᠎ᠠ ᠳᠠᠭᠠᠨ ᠳᠥᠷᠪᠡᠨ ᠤᠭᠤᠲᠠ ᠭᠤᠯᠢᠷ ᠤᠨ ᠭᠤᠣᠯ ᠢᠳᠡᠭᠡᠨ ᠢ ᠪᠤᠷᠤᠯᠠᠭᠤᠯᠤᠨ᠂ ᠡᠳᠦᠷ ᠪᠦᠷᠢ ᠶᠢᠨ ᠪᠦᠬᠦ ᠣᠷᠣᠯᠭ᠎ᠠ ᠨᠢ ᠳᠤᠮᠳᠠᠴᠢ ᠪᠠᠷ 100 ᠲᠥᠭᠦᠷᠢᠭ ᠠᠴᠠ ᠳᠡᠭᠡᠭᠰᠢ ᠪᠤᠯᠪᠠ᠃
   ᠶᠠᠳᠠᠭᠤ ᠶᠢ ᠲᠡᠳᠬᠦᠬᠦ ᠳᠤ ᠡᠷᠴᠢ ᠵᠣᠷᠢᠭ ᠢ ᠨᠢ ᠤᠷᠢᠳᠠᠪᠠᠷ ᠲᠡᠳᠭᠦᠨ᠎ᠡ᠃ ᠵᠤᠤ ᠶᠢᠨ ᠾᠧ ᠦᠨᠡᠨᠴᠢ ᠰᠢᠳᠤᠷᠭᠤ᠂ ᠠᠵᠢᠯᠴᠢ ᠬᠥᠳᠡᠯᠮᠦᠷᠢᠴᠢ ᠮᠥᠷᠲᠡᠭᠡᠨ ᠬᠠᠷᠢᠭᠤᠴᠠᠯᠭᠠᠲᠤ ᠰᠡᠳᠬᠢᠯᠭᠡ ᠲᠠᠢ᠂ ᠠᠮᠢᠳᠤᠷᠠᠯ ᠤᠨ ᠬᠦᠴᠢᠷ ᠪᠡᠷᠬᠡᠰᠢᠶᠡᠯ ᠤᠨ ᠡᠮᠦᠨ᠎ᠡ ᠥᠴᠦᠬᠡᠨ ᠴᠦ ᠭᠤᠮᠣᠳᠠᠯ ᠦᠭᠡᠢ᠂ ᠦᠭᠡ ᠳᠠᠭᠤ ᠦᠭᠡᠢ ᠪᠠᠷ ᠴᠢᠷᠮᠠᠶᠢᠨ ᠲᠡᠮᠡᠴᠡᠵᠦ᠂ ᠲᠡᠭᠦᠨ ᠤ ᠦᠢᠯᠡ ᠠᠵᠢᠯᠯᠠᠭ᠎ᠠ ᠨᠢ ᠣᠯᠠᠨ ᠤ ᠨᠢᠳᠦᠨ ᠳᠤ ᠦᠵᠡᠭᠳᠡᠨ᠂ ᠰᠡᠳᠬᠢᠯ ᠳᠤ ᠬᠠᠳᠠᠩᠰᠢᠵᠤ᠂ ᠰᠠᠨᠠᠮᠰᠠᠷ ᠦᠭᠡᠢ ᠪᠠᠷ ᠤᠯᠠᠨ ᠲᠦᠮᠡᠨ ᠤ ᠰᠡᠳᠬᠢᠯ ᠳᠠᠬᠢ ᠬᠦᠴᠦᠷᠬᠡᠭ ᠬᠦᠮᠦᠨ ᠪᠤᠯᠵᠤ᠂ ᠤᠯᠠᠨ ᠤ ᠰᠡᠳᠬᠢᠯ ᠳᠠᠬᠢ ᠶᠠᠳᠠᠭᠤ ᠠᠴᠠ ᠠᠩᠭᠢᠵᠢᠷᠠᠭᠤᠯᠬᠤ ᠵᠢᠩᠬᠢᠨᠢ ᠲᠠᠭᠠᠭᠤᠯᠤᠭᠴᠢ᠂ ᠰᠠᠶᠢᠨ ᠳᠠᠭᠤᠷᠢᠶᠠᠯ ᠪᠤᠯᠪᠠ᠃ ᠥᠩᠭᠡᠷᠡᠭᠡᠭᠰᠡᠨ ᠳᠤ ᠵᠤᠤ ᠶᠢᠨ ᠾᠧ ᠭᠠᠳᠠᠭᠠᠳᠤ ᠥᠷᠢ ᠪᠠᠨ ᠲᠥᠯᠥᠬᠦ ᠠᠴᠠ ᠪᠣᠯᠵᠤ᠂ ᠮᠠᠨᠲᠠᠤ  ᠵᠢᠩᠨᠡᠬᠦ ᠬᠥᠮᠦᠨ ᠬᠥᠯᠥᠰᠥᠯᠡᠬᠦ ᠵᠣᠷᠢᠭ ᠦᠭᠡᠢ ᠪᠠᠶᠢᠵᠦ᠂ ᠣᠳᠣ ᠭᠠᠳᠠᠭᠠᠳᠤ ᠥᠷᠢ ᠪᠠᠨ ᠪᠦᠬᠦᠨ ᠢ ᠲᠦᠯᠦᠭᠰᠡᠨ ᠠᠴᠠ ᠮᠠᠨᠲᠠᠤ ᠶᠢᠨ ᠮᠠᠶᠢᠮᠠᠶ ᠴᠤ ᠡᠳᠦᠷ ᠢᠷᠡᠭᠦᠶ᠎ᠡ ᠥᠭᠡᠳᠡᠯᠡᠨ ᠬᠦᠭᠵᠢᠵᠦ᠂ ᠦᠷᠭᠦᠯᠵᠢᠯᠡᠨ ᠬᠡᠪᠴᠢᠶ᠎ᠡ ᠪᠠᠨ ᠦᠷᠭᠡᠳᠭᠡᠬᠦ ᠪᠠᠷ ᠲᠤᠭᠲᠠᠵᠤ᠂ ᠥᠪᠡᠷ ᠤᠨ ᠦᠢᠯᠡᠰ ᠪᠣᠰᠬᠠᠯᠲᠠ ᠪᠠᠷ ᠢᠶᠠᠨ ᠨᠡᠩ ᠣᠯᠠᠨ ᠠᠷᠠᠳ ᠲᠦᠮᠡᠨ ᠢ ᠳᠠᠭᠠᠭᠤᠯᠵᠤ ᠮᠠᠨᠲᠠᠤ ᠵᠢᠩᠨᠡᠨ ᠬᠠᠮᠳᠤᠪᠠᠷ ᠪᠠᠶᠠᠵᠢᠨ ᠴᠢᠨᠡᠭᠡᠯᠢᠭᠵᠢᠬᠦ ᠪᠠᠷ ᠵᠤᠷᠢᠭ ᠰᠢᠭᠤᠳᠴᠦ ᠪᠠᠶᠢᠨ᠎ᠠ᠃                        ᠨᠠᠶᠢᠷᠠᠭᠤᠯᠤᠭᠴᠢ᠄ ᠵᠢᠶᠠ ᠷᠠᠨ ᠲᠦᠩ                        ᠤᠷᠴᠢᠭᠤᠯᠤᠭᠴᠢ᠄ ᠬᠠᠨ ᠰᠢᠶᠤᠤ ᠿᠦᠩ                        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3