ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ 21 ᠳ᠋ᠤᠭᠡᠷ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠵᠢᠴᠢ ︽ᠠᠬᠠᠮᠠᠳ ᠦᠶ᠎ᠡ ᠶᠢᠨ ᠤᠯᠠ ᠮᠥᠷ ᠢ ᠡᠷᠢᠯᠬᠢᠯᠡᠵᠦ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020/11/10
    21 ᠳ᠋ᠤᠭᠡᠷ ᠰᠤᠷᠪᠤᠯᠵᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 11 ᠰᠠᠷ᠎ᠠ ᠶᠢᠨ 8 ᠤ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠨᠠᠮ ᠤᠨ ᠭᠡᠰᠢᠭᠦᠨ ᠺᠠᠳ᠋ᠷᠴᠤᠳ ᠵᠢᠴᠢ ᠪᠥᠬᠦ ᠵᠠᠭᠤᠴᠢᠯᠠᠭᠤᠷ ᠤᠨ ᠰᠤᠷᠪᠤᠯᠵᠢᠯᠠᠭᠴᠢᠳ ᠶᠢ ᠵᠣᠬᠢᠶᠠᠨ ᠪᠠᠶᠢᠭᠤᠯᠵᠤ ᠶᠤᠸᠠᠨ ᠱᠠᠨ ᠽᠢ ᠰᠢᠶᠠᠩ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ︽ᠠᠬᠠᠮᠠᠳ ᠦᠶ᠎ᠡ ᠶᠢᠨ ᠤᠯᠠ ᠮᠥᠷ ᠢ ᠡᠷᠢᠯᠬᠢᠯᠡᠵᠦ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭᠠᠨ ᠤ ᠳᠤᠮᠳᠠ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠣᠯᠠᠨ ᠤ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠡᠷᠡᠰ ᠵᠣᠷᠢᠭ ᠪᠠ ᠢᠲᠡᠭᠡᠯ ᠵᠣᠷᠢᠭ ᠢᠶᠠᠨ ᠢᠯᠡᠳᠭᠡᠵᠡᠭᠡᠪᠡ᠃
     ᠳᠠᠷᠠᠭ᠎ᠠ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢᠳ ᠰᠤᠷᠪᠤᠯᠵᠢᠯᠠᠨ ᠨᠠᠶᠢᠷᠠᠭᠤᠯᠬᠤ ᠠᠵᠢᠯᠲᠠᠳ ᠶᠤᠸᠠᠨ ᠱᠠᠨ ᠽᠢ ᠶᠢᠨ ᠬᠤᠪᠢᠰᠬᠠᠯ ᠤᠨ ᠬᠠᠭᠤᠴᠢᠨ ᠣᠷᠣᠨ ᠤ ᠳᠤᠷᠠᠰᠬᠠᠯ ᠤᠨ ᠣᠷᠳᠣᠨ ᠪᠣᠯᠤᠨ ᠶᠤᠸᠠᠨ ᠱᠠᠨ ᠽᠢ ᠶᠢᠨ ᠵᠠᠩ ᠦᠢᠯᠡ ᠶᠢᠨ ᠰᠣᠶᠣᠯ ᠤᠨ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠦ᠂ ᠬᠤᠪᠣᠷ ᠨᠠᠨᠳᠢᠨ ᠲᠡᠤᠬᠡ ᠶᠢᠨ ᠭᠡᠷᠡᠯ ᠵᠢᠷᠤᠭ ᠪᠣᠯᠤᠨ ᠪᠣᠳᠠᠲᠤ ᠪᠣᠳᠠᠰ ᠢᠶᠠᠷ ᠳᠠᠮᠵᠢᠨ᠂ ᠬᠠᠭᠤᠴᠢᠨ ᠣᠷᠣᠨ ᠤ ᠠᠷᠠᠳ ᠲᠦᠮᠡᠨ ᠤ ᠬᠤᠪᠢᠰᠬᠠᠯ ᠤᠨ ᠢᠯᠠᠯᠲᠠ ᠶᠢᠨ ᠲᠥᠯᠥᠭᠡ ᠪᠠᠭᠠᠳᠤᠷᠯᠢᠭ ᠢᠶᠠᠷ ᠲᠡᠮᠡᠴᠡᠨ᠂ ᠠᠷᠢᠭᠤᠨ ᠴᠢᠰᠤ ᠪᠠᠨ ᠤᠷᠤᠰᠬᠠᠨ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠥᠨᠥᠳᠦᠷ ᠤᠨ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠳᠦᠭᠡᠭᠰᠡᠨ ᠭᠡᠷᠡᠯ ᠰᠠᠴᠤᠷᠠᠩᠭᠤᠶ ᠦᠢᠯᠡ ᠠᠵᠢᠯᠯᠠᠭ᠎ᠠ ᠶᠢ ᠭᠦᠨᠵᠡᠭᠡᠶ ᠣᠶᠢᠯᠠᠭᠠᠵᠤ᠂ ᠨᠢᠭᠡ ᠤᠳᠠᠭ᠎ᠠ ᠶᠢᠨ ᠬᠤᠪᠢᠰᠬᠠᠯᠲᠤ ᠦᠵᠡᠯ ᠤᠨ ᠬᠥᠮᠦᠵᠢᠯ ᠬᠦᠷᠳᠡᠵᠡᠭᠡᠪᠡ᠃
     ᠣᠯᠠᠨ ᠢᠶᠠᠷ ᠢᠶᠠᠨ᠄ ᠭᠠᠭᠴᠠ ᠬᠦ ᠲᠡᠤᠬᠡ ᠶᠢ ᠪᠠᠲᠤ ᠴᠡᠭᠡᠵᠢᠯᠡᠪᠡᠯ ᠰᠠᠶ᠋ᠢ ᠢᠷᠡᠭᠡᠳᠦᠶ ᠶᠢ ᠡᠵᠡᠮᠳᠡᠵᠦ ᠲᠡᠶᠢᠯᠦᠨ᠎ᠡ᠃ ᠰᠣᠨᠢᠨ ᠮᠡᠳᠡᠭᠡᠨ ᠤ ᠠᠵᠢᠯᠲᠠᠨ ᠪᠣᠯᠤᠭᠰᠠᠨ ᠤ ᠬᠤᠪᠢ ᠳᠤ᠂ ᠵᠠᠪᠠᠯ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠰᠠᠶᠢᠨ ᠵᠠᠯᠭᠠᠮᠵᠢᠯᠠᠵᠤ᠂ ᠲᠤᠭ ᠢ ᠥᠨᠳᠥᠷ ᠮᠠᠨᠳᠤᠭᠤᠯᠵᠤ᠂ ᠤᠳᠤᠷᠢᠳᠤᠮᠵᠢ ᠶᠢ ᠳᠠᠭᠠᠭᠤᠯᠤᠨ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ︽ᠳᠥᠷᠪᠡᠨ ᠬᠦᠴᠦᠨ︾ ᠤ ᠬᠡᠯᠪᠡᠷᠢ ᠶᠢᠨ ᠰᠣᠨᠢᠨ ᠮᠡᠳᠡᠭᠡᠨ ᠤ ᠠᠵᠢᠯᠲᠠᠨ ᠪᠣᠯᠬᠤ ᠪᠠᠷ ᠴᠢᠷᠮᠠᠶᠢᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠦᠯᠦᠭᠡᠯᠡᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠮ ᠵᠠᠭᠤᠴᠢᠯᠠᠭᠤᠷ ᠤᠨ ᠲᠥᠪ ᠤᠨ ᠡᠯ᠎ᠡ  ᠵᠦᠢᠯ ᠤᠨ ᠠᠵᠢᠯ ᠤᠨ ᠨᠠᠩ ᠥᠨᠳᠥᠷ ᠲᠦᠪᠰᠢᠨ ᠳᠤ ᠬᠦᠷᠬᠦ ᠶᠢ  ᠠᠬᠢᠭᠤᠯᠤᠨ᠎ᠠ ᠭᠡᠵᠦ ᠢᠯᠡᠷᠭᠡᠶᠢᠯᠡᠵᠡᠭᠡᠪᠡ᠃
     ᠡᠴᠦᠰ ᠲᠤ᠂ ᠰᠣᠨᠢᠨ ᠮᠡᠳᠡᠭᠡᠨ ᠤ ᠪᠦᠬᠦ ᠰᠤᠷᠪᠤᠯᠵᠢᠯᠠᠭᠴᠢ ᠳᠤᠭᠤᠶᠢᠯᠠᠩ ᠬᠤᠪᠢᠶᠠᠨ ᠬᠥᠳᠡᠭᠡ ᠲᠣᠰᠬᠤᠨ᠂ ᠶᠠᠳᠠᠭᠤ ᠠᠴᠠ ᠠᠩᠬᠢᠵᠢᠷᠠᠭᠤᠯᠬᠤ ᠦᠢᠯᠡᠳᠪᠦᠷᠢ ᠶᠢᠨ ᠲᠠᠰᠤᠭ᠂ ᠬᠠᠮᠲᠤ ᠶᠢᠨ ᠠᠵᠤ ᠠᠬᠤᠢ ᠶᠢᠨ ᠲᠥᠷᠥᠯ  ᠵᠦᠢᠯ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠰᠢᠭᠤᠳ ᠨᠡᠪᠲᠡᠷᠡᠭᠦᠯᠬᠦ᠂ ᠳᠠᠭᠤᠲᠤ ᠸᠢᠳᠢᠣ᠋ ᠦᠢᠯᠡᠳᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠦᠬᠦ ᠲᠠᠯ᠎ᠠ ᠪᠠᠷ ᠣᠯᠠᠨ ᠬᠠᠷᠠᠭᠠᠰᠤ ᠲᠠᠢ ᠰᠣᠨᠢᠨ ᠮᠡᠳᠡᠭᠡ ᠮᠡᠳᠡᠭᠡᠯᠡᠬᠦ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠣᠨᠢᠨ ᠮᠡᠳᠡᠭᠡᠨ ᠤ ᠠᠵᠢᠯᠲᠠᠳ ᠤᠨ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠪᠣᠯᠤᠨ ᠲᠤᠰᠢᠶᠠᠯ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ 21 ᠳ᠋ᠤᠭᠡᠷ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠳᠤ ᠥᠪᠡᠷ ᠤᠨ ᠪᠠᠶᠠᠷ ᠤᠨ ᠡᠳᠦᠷ ᠤᠨ ᠪᠡᠯᠡᠭ ᠢᠶᠠᠨ ᠬᠦᠷᠭᠡᠪᠡ᠃
                                       ᠤᠷᠴᠢᠭᠤᠯᠤᠭᠴᠢ᠄ ᠬᠠᠨ ᠰᠢᠶᠤᠤ ᠿᠦᠩ                      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3