| 21 ᠳ᠋ᠤᠭᠡᠷ ᠰᠤᠷᠪᠤᠯᠵᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 11 ᠰᠠᠷ᠎ᠠ ᠶᠢᠨ 6 ᠤ ᠡᠳᠦᠷ᠂ | ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠰᠣᠨᠢᠨ ᠮᠡᠳᠡᠭᠡᠨ ᠤ ᠨᠢᠭᠡᠴᠡ ᠪᠠᠷ | ᠭᠦᠨᠵᠡᠭᠡᠶᠢᠷᠡᠨ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠨ ᠢ ᠪᠣᠯᠭᠤᠭᠠᠨ ᠲᠣᠬᠤᠨᠢᠭᠤᠯᠵᠤ᠂ ᠰᠣᠨᠢᠨ ᠮᠡᠳᠡᠭᠡ ᠶᠠᠷᠢᠶ᠎ᠠ | ᠬᠡᠯᠡᠯᠴᠡᠭᠡᠨ ᠤ ᠠᠵᠢᠯ ᠢ ᠪᠠᠶᠢᠴᠠᠭᠠᠨ ᠦᠵᠡᠪᠡ᠃ ᠹᠸᠢ ᠳ᠋ᠦᠩ ᠪᠢᠨ ᠴᠢᠬᠤᠯᠠᠴᠢᠯᠠᠭᠰᠠᠨ ᠨᠢ᠂ ᠡᠯ᠎ᠡ ᠵᠠᠭᠤᠴᠢᠯᠠᠭᠤᠷ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠤᠬᠠᠭᠤᠯᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ᠪᠣᠰᠤᠭ᠎ᠠ | ᠴᠣᠭᠴᠠᠲᠤ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠰᠠᠶᠢᠨ | ᠲᠠᠭᠤᠨ ᠢ ᠳᠠᠮᠵᠢᠭᠤᠯᠵᠤ᠂ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠷᠬᠡᠭ | ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠬᠤ ᠬᠡᠷᠡᠭᠳᠡᠢ᠃ | | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ | ᠤᠯᠠᠭᠠᠨᠴᠠᠪ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡᠨ ᠳᠤ᠂ ᠹᠸᠢ ᠳ᠋ᠦᠩ ᠪᠢᠨ ᠰᠤᠷᠪᠤᠯᠵᠢᠯᠠᠭᠴᠢ ᠶᠢᠨ | ᠥᠷᠲᠡᠭᠡ ᠶᠢᠨ ᠡᠵᠡᠩᠨᠡᠯᠲᠡ ᠶᠢᠨ ᠪᠠᠶᠢᠳᠠᠯ ᠢ ᠭᠤᠤᠯᠴᠢᠯᠠᠨ ᠤᠶᠢᠯᠠᠭᠠᠵᠤ᠂ ᠥᠷᠲᠡᠭᠡᠨ ᠳᠤ ᠰᠠᠭᠤᠭ᠎ᠠ ᠰᠤᠷᠪᠤᠯᠵᠢᠯᠠᠭᠴᠢ ᠶᠢ | ᠥᠪᠥᠷ ᠮᠣᠩᠭᠤᠯ ᠤᠨ ᠡᠳᠦᠷ ᠤᠨ ᠰᠣᠨᠢᠨ ᠪᠠ ᠦᠪᠦᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠲᠠᠪᠴᠠᠩ ᠵᠢᠴᠢ ᠡᠬᠢ | ᠪᠠᠶᠠᠯᠢᠭ ᠢ ᠭᠦᠢᠴᠡᠳ ᠠᠰᠢᠭᠯᠠᠨ᠂ ᠤᠯᠠᠭᠠᠨᠴᠠᠪ ᠤᠨ ᠥᠯᠢᠭᠡᠷ ᠢ ᠰᠠᠶᠢᠲᠤᠷ ᠶᠠᠷᠢᠵᠤ᠂ ᠤᠯᠠᠭᠠᠨᠴᠠᠪ ᠤᠨ ᠲᠠᠭᠤᠨ ᠢ | ᠰᠠᠶᠢᠲᠤᠷ ᠤᠯᠠᠮᠵᠢᠯᠠᠵᠤ᠂ ᠰᠤᠷᠪᠤᠯᠵᠢᠯᠠᠭᠴᠢ ᠶᠢᠨ ᠥᠷᠲᠡᠭᠡ ᠶᠢ ᠤᠯᠠᠭᠠᠨᠴᠠᠪ ᠤᠨ ᠪᠥᠬᠦ ᠲᠠᠯ᠎ᠠ ᠪᠠᠷ ᠤᠬᠠᠭᠤᠯᠬᠤ ᠴᠢᠬᠤᠯᠠ | ᠬᠥᠭᠦᠷᠭᠡ ᠪᠤᠯᠭᠠᠬᠤ ᠶᠢ ᠬᠦᠰᠡᠵᠦ ᠪᠠᠶᠢᠬᠤ ᠪᠠᠨ ᠢᠯᠡᠳᠭᠡᠪᠡ᠃ | | ᠤᠯᠠᠭᠠᠨᠴᠠᠪ ᠷᠠᠳᠢᠣ᠋ ᠲᠧᠯᠸᠢᠰ ᠬᠤᠷᠢᠶᠠᠨ ᠳᠤ ᠣᠷᠣᠵᠤ᠂ ᠹᠸᠢ ᠳ᠋ᠦᠩ ᠪᠢᠨ ︽12345 ᠠᠷᠠᠳ ᠣᠯᠠᠨ ᠤ | ᠬᠠᠯᠠᠮᠰᠢᠯ ᠤᠲᠠᠰᠤ︾ ᠭᠡᠬᠦ ᠫᠷᠤᠭ᠍ᠷᠠᠮ ᠢ ᠦᠢᠯᠡᠳᠬᠦ᠂ ︽ᠤᠯᠠᠭᠠᠨᠴᠠᠪ ᠡᠭᠦᠯᠡ︾ ᠶᠢᠨ ᠲᠠᠪᠴᠠᠩ ᠤᠨ ᠪᠠᠶᠢᠭᠤᠯᠤᠯᠲᠠ᠂ | ᠰᠢᠨ᠎ᠡ ᠵᠠᠭᠤᠴᠢᠯᠠᠭᠤᠷ ᠤᠨ ᠲᠥᠪ ᠤᠨ ᠡᠵᠡᠩᠨᠡᠯᠲᠡ ᠵᠡᠷᠭᠡ ᠪᠠᠶᠢᠳᠠᠯ ᠢ ᠤᠶᠢᠯᠠᠭᠠᠵᠤ᠂ ᠠᠷᠠᠳ ᠲᠦᠮᠡᠨ ᠳᠤ ᠦᠢᠯᠡᠴᠢᠯᠡᠬᠦ | ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ | ᠠᠰᠠᠭᠤᠳᠠᠯ ᠪᠠ ᠬᠦᠴᠢᠷ ᠠᠰᠠᠭᠤᠳᠠᠯ ᠳᠤ ᠴᠢᠭᠯᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠴᠠᠭ ᠲᠤᠬᠠᠶ ᠳᠤᠨᠢ ᠬᠠᠷᠢᠭᠤᠯᠲᠠ ᠥᠭᠴᠦ᠂ ᠠᠷᠠᠳ ᠤᠨ ᠲᠥᠯᠥᠭᠡ ᠦᠭᠡ ᠶᠠᠷᠢᠵᠦ᠂ ᠠᠷᠠᠳ ᠤᠨ ᠲᠥᠯᠥᠭᠡ ᠵᠣᠪᠠᠨᠢᠯ ᠢ | ᠲᠠᠶᠢᠯᠬᠤ ᠶᠢ ᠦᠨᠡᠨ ᠬᠦ ᠪᠡᠶᠡᠯᠡᠭᠦᠯᠵᠦ᠂ ᠪᠦᠬᠦ ᠬᠤᠲᠠ ᠶᠢᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠦᠢᠯᠡᠳᠦᠯ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ | ᠃ | | ᠤᠯᠠᠭᠠᠨᠴᠠᠪ ᠡᠳᠦᠷ ᠤᠨ ᠰᠣᠨᠢᠨ ᠤ ᠬᠤᠷᠢᠶ᠎ᠠ ᠳᠤ᠂ ᠹᠸᠢ ᠳ᠋ᠦᠩ ᠪᠢᠨ ᠵᠡᠷᠭᠡ ᠤᠳᠤᠷᠢᠳᠤᠯᠭ᠎ᠠ ᠨᠠᠷ ᠬᠠᠮᠲᠤ ᠪᠠᠷ ᠪᠣᠯᠣᠷ | ᠪᠥᠮᠪᠦᠭᠡ ᠶᠢ ᠳᠠᠷᠤᠵᠤ᠂ ︽ᠤᠯᠠᠭᠠᠨᠴᠠᠪ ᠨᠡᠶᠢᠳᠡᠯᠡᠯ︾ ᠢ ᠡᠬᠢᠯᠡᠭᠦᠯᠪᠡ᠃ ᠹᠸᠢ ᠳ᠋ᠦᠩ ᠪᠢᠨ ᠪᠠᠰᠠ ᠨᠠᠶᠢᠷᠠᠭᠤᠯᠵᠤ | ᠴᠤᠭᠯᠠᠭᠤᠯᠬᠤ ᠰᠠᠯᠠᠭ᠎ᠠ ᠮᠥᠴᠢᠷ ᠲᠤ ᠣᠷᠣᠵᠤ᠂ ᠮᠣᠩᠭᠤᠯ ᠬᠢᠲᠠᠳ ᠰᠣᠨᠢᠨ ᠪᠠ ᠰᠢᠨ᠎ᠡ ᠵᠠᠭᠤᠴᠢᠯᠠᠭᠤᠷ ᠤᠨ | ᠡᠵᠡᠩᠨᠡᠯᠲᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠭᠦᠢᠴᠡᠳ ᠨᠤᠳᠠᠯᠠᠨ᠂ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ | ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠣᠯᠠᠨ ᠢᠶᠠᠷ ᠢᠶᠠᠨ ᠬᠥᠯ ᠤᠨ | ᠬᠦᠴᠦ᠂ ᠨᠢᠳᠦᠨ ᠬᠠᠷᠠᠴᠠ᠂ ᠲᠠᠷᠢᠬᠢᠨ ᠤ ᠬᠦᠴᠦ᠂ ᠪᠢᠷ ᠤᠨ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠨᠠᠷᠢᠨ | ᠨᠢᠮᠪᠠᠶ ᠲᠥᠰᠦᠪᠯᠡᠨ᠂ ᠭᠦᠨᠵᠡᠭᠡᠶ ᠰᠤᠷᠪᠤᠯᠵᠢᠯᠠᠭ᠎ᠠ ᠬᠢᠵᠦ᠂ ᠤᠯᠠᠨ ᠲᠦᠮᠡᠨ ᠲᠠᠢ ᠨᠡᠩ ᠤᠯᠠᠨ ᠨᠡᠩ ᠰᠠᠶᠢᠨ | ᠣᠶᠢᠷᠠᠲᠤᠭᠰᠠᠨ ᠰᠣᠨᠢᠨ ᠮᠡᠳᠡᠭᠡᠨ ᠤ ᠪᠦᠲᠦᠭᠡᠯ ᠭᠠᠷᠭᠠᠵᠤ᠂ ᠴᠠᠭ ᠦᠶ᠎ᠡ ᠳᠤ ᠣᠰᠣᠯᠳᠠᠬᠤ ᠦᠭᠡᠢ ᠰᠣᠨᠢᠨ ᠮᠡᠳᠡᠭᠡᠨ ᠤ | ᠬᠥᠮᠦᠨ ᠪᠤᠯᠬᠤ ᠬᠡᠷᠡᠭᠳᠡᠢ ᠭᠡᠪᠡ᠃ | | ᠹᠸᠢ ᠳ᠋ᠦᠩ ᠪᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠣᠨᠢᠨ ᠮᠡᠳᠡᠭᠡᠨ ᠤ | ᠵᠠᠭᠤᠴᠢᠯᠠᠭᠤᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠤᠯᠤᠰ | ᠲᠥᠷᠥ ᠶᠢᠨ ᠵᠥᠪ ᠴᠢᠭᠯᠡᠯ ᠢ ᠪᠠᠲᠤᠳᠬᠠᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠨᠠᠮ ᠤᠨ | ᠲᠦᠷᠦ ᠶᠢᠨ ᠪᠤᠳᠤᠯᠭ᠎ᠠ᠂ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠬᠤ ᠬᠡᠷᠡᠭᠳᠡᠢ᠃ ᠠᠷᠠᠳ ᠲᠦᠮᠡᠨ ᠢ | ᠢᠮᠠᠭᠲᠠ ᠰᠣᠨᠢᠨ ᠮᠡᠳᠡᠭᠡᠯᠡᠯ ᠤᠨ ᠪᠡᠶᠡᠴᠢ ᠴᠣᠭᠴᠠ ᠪᠠ ᠦᠢᠯᠡᠴᠢᠯᠡᠬᠦ ᠡᠲᠡᠭᠡᠳ ᠪᠣᠯᠭᠠᠵᠤ᠂ ᠦᠨᠳᠦᠰᠦᠨ ᠱᠠᠲᠤᠨ ᠳᠤ | ᠬᠦᠷᠴᠦ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠭᠤᠤᠯ ᠬᠥᠭ ᠠᠶᠠᠰ ᠢ ᠪᠠᠳᠠᠷᠠᠭᠤᠯᠤᠨ᠂ ᠢᠳᠡᠪᠬᠢ | ᠬᠦᠴᠦᠨ ᠢ ᠲᠡᠭᠦᠯᠳᠡᠷ ᠪᠤᠯᠭᠠᠬᠤ ᠬᠡᠷᠡᠭᠳᠡᠢ᠃ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ | ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠰᠢᠯᠢᠳᠡᠭ ᠠᠭᠤᠯᠭ᠎ᠠ᠂ ᠭᠤᠤᠯ ᠥᠷᠲᠡᠭ ᠤᠨ ᠭᠤᠤᠯ ᠵᠢᠭᠰᠠᠭᠠᠯ ᠤᠨ ᠭᠠᠵᠠᠷ | ᠵᠦᠭ ᠴᠤᠭᠯᠠᠷᠠᠬᠤ ᠶᠢ ᠠᠬᠢᠭᠤᠯᠵᠤ᠂ ᠣᠯᠠᠨ ᠳᠡᠰ ᠳᠠᠪᠬᠤᠷᠭ᠎ᠠ᠂ ᠣᠯᠠᠨ ᠬᠠᠷᠠᠭᠠᠰᠤ᠂ ᠪᠣᠰᠤᠭ᠎ᠠ ᠴᠣᠭᠴᠠᠲᠤ | ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠤᠢ ᠪᠣᠯᠭᠠᠵᠤ᠂ ᠤᠯᠠᠭᠠᠨᠴᠠᠪ ᠤᠨ ᠤᠬᠠᠭᠤᠯᠭ᠎ᠠ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠬᠦ ᠬᠡᠷᠡᠭᠳᠡᠢ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠢ ᠢᠦᠶ | ᠪᠤᠯᠤᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠨᠠ ᠨᠡᠷ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |