| ᠬᠤᠸᠠᠩ ᠸᠧᠨ ᠰᠢᠤ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠬᠤ ᠶᠢᠨ ᠲᠥᠯᠥᠭᠡ᠂ ᠥᠷᠭᠡᠨ | ᠣᠯᠠᠨ ᠨᠠᠮ ᠤᠨ ᠭᠡᠰᠢᠭᠦᠨ ᠺᠠᠳ᠋ᠷᠴᠤᠳ ᠤᠨ ︽ᠴᠠᠭ ᠦᠶ᠎ᠡ ᠶᠢᠨ ᠵᠢᠱᠢᠶᠡᠴᠢ︾ ᠪᠠᠷ ᠳᠠᠭᠤᠷᠢᠶᠠᠯ ᠪᠤᠯᠭᠠᠵᠤ᠂ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠡᠭᠦᠷᠭᠡᠯᠡᠵᠦ᠂ | ᠳᠤᠷᠠᠲᠠᠶ᠎ᠠ ᠬᠤᠪᠢ ᠨᠡᠮᠡᠷᠢ ᠦᠵᠡᠭᠦᠯᠬᠦ ᠶᠢ ᠵᠤᠷᠢᠭᠵᠢᠭᠤᠯᠬᠤ ᠬᠡᠷᠡᠭᠳᠡᠢ᠃ ᠲᠦᠷᠦᠭᠦᠬᠡᠨ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠮᠠᠨ ᠤ ᠬᠤᠲᠠ ᠶᠢᠨ ᠨᠠᠮ ᠤᠨ ᠭᠡᠰᠢᠭᠦᠨ ᠺᠠᠳ᠋ᠷ᠂ ᠶᠠᠳᠠᠭᠤ ᠶᠢ ᠲᠡᠳᠬᠦᠬᠦ ᠠᠵᠢᠯᠲᠠᠨ᠂ | ᠠᠵᠤ ᠠᠬᠤᠶᠢᠯᠠᠯ ᠤᠨ ᠠᠵᠢᠯᠲᠠᠨ ᠨᠠᠷ ᠢ ᠵᠣᠬᠢᠶᠠᠨ ᠪᠠᠶᠢᠭᠤᠯᠵᠤ ︽ᠦᠵᠡᠰᠭᠦᠯᠡᠩᠳᠦ ᠰᠠᠶᠢᠬᠠᠨ ᠬᠥᠮᠦᠨ ᠤ ᠠᠮᠢᠳᠤᠷᠠᠯ︾ | ᠭᠡᠬᠦ ᠺᠢᠨᠣ᠋ ᠶᠢ ᠰᠣᠨᠢᠷᠬᠠᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ ᠸᠠᠩ ᠵᠢᠶᠠᠨ ᠶᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ | ᠯᠢᠨ ᠺᠢᠨᠣ᠋ ᠦᠵᠡᠬᠦ ᠠᠵᠢᠯᠯᠠᠭ᠎ᠠ ᠳᠤ ᠣᠷᠣᠯᠴᠠᠪᠠ᠃ | | ︽ᠦᠵᠡᠰᠭᠦᠯᠡᠩᠳᠦ ᠰᠠᠶᠢᠬᠠᠨ ᠬᠥᠮᠦᠨ ᠤ ᠠᠮᠢᠳᠤᠷᠠᠯ︾ ᠬᠡᠬᠦ ᠺᠢᠨᠣ᠋ ᠨᠢ ︽ᠪᠥᠬᠦ ᠤᠯᠤᠰ ᠤᠨ ᠰᠢᠯᠢᠳᠡᠭ ᠡᠪ ᠬᠠᠮᠲᠤ | ᠨᠠᠮ ᠤᠨ ᠭᠡᠰᠢᠭᠦᠨ︾᠂ ︽ᠴᠠᠭ ᠦᠶ᠎ᠡ ᠶᠢᠨ ᠵᠢᠱᠢᠶᠡᠴᠢ︾᠂ ︽2019 ᠣᠨ ᠤ ᠳᠤᠮᠳᠠᠳᠤ ᠤᠯᠤᠰ ᠢ | ᠳᠣᠭᠳᠣᠯᠤᠭᠤᠯᠤᠭᠰᠠᠨ ᠬᠦᠮᠦᠰ︾᠂ ᠤᠤᠯ ᠤᠨ ᠭᠤᠸᠠᠩᠰᠢ ᠶᠢᠨ ᠪᠠᠶ ᠰᠧ ᠯᠧ ᠶᠧ ᠰᠢᠶᠠᠨ ᠤ ᠪᠠᠶ ᠨᠢ ᠲᠣᠰᠬᠤᠨ ᠤ | ᠨᠢᠭᠡᠳᠦᠭᠡᠷ ᠱᠦᠵᠢ ᠬᠤᠸᠠᠩ ᠸᠧᠨ ᠰᠢᠦ ᠨᠦᠬᠦᠷ ᠢᠶᠠᠷ ᠤᠭ ᠳᠦᠷᠢ ᠪᠣᠯᠭᠠᠵᠤ᠂ ᠲᠡᠭᠦᠨ ᠤ ᠠᠰᠫᠢᠷᠠᠨᠲ ᠲᠡᠭᠦᠰᠦᠭᠰᠡᠨ ᠤ | ᠳᠠᠷᠠᠭ᠎ᠠ᠂ ᠶᠡᠭᠡ ᠬᠤᠲᠠ ᠳᠤ ᠠᠵᠢᠯᠯᠠᠬᠤ ᠲᠣᠬᠢᠶᠠᠯ ᠢᠶᠠᠨ ᠲᠠᠶᠠᠭᠳᠠᠵᠤ᠂ ᠡᠷᠡᠰ ᠰᠢᠭᠤᠷᠬᠠᠶ ᠪᠠᠷ ᠨᠤᠲᠤᠭ ᠲᠠᠭᠠᠨ ᠪᠤᠴᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢᠭᠡᠳᠦᠭᠡᠷ ᠹᠷᠣᠨᠲ ᠲᠤ ᠴᠢᠩ ᠰᠡᠳᠬᠢᠯ ᠠᠴᠠ ᠪᠠᠨ ᠤᠷᠤᠯᠴᠠᠨ᠂ | ᠬᠠᠯᠠᠭᠤᠨ ᠴᠢᠰᠤ ᠪᠠᠨ ᠬᠠᠷᠠᠮ ᠦᠭᠡᠢ ᠵᠣᠷᠢᠭᠤᠯᠵᠤ᠂ ᠥᠪᠡᠷ ᠤᠨ ᠵᠠᠯᠠᠭᠤ ᠨᠠᠰᠤᠨ ᠤ ᠴᠤᠭ ᠵᠢᠪᠬᠤᠭ᠎ᠠ ᠪᠠᠷ ᠡᠪ ᠬᠠᠮᠲᠤ | ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠨ᠂ ᠰᠢᠨ᠎ᠡ ᠴᠠᠭ ᠦᠶ᠎ᠡ ᠶᠢᠨ ᠵᠠᠯᠠᠭᠤ | ᠨᠠᠰᠤᠨ ᠤ ᠳᠠᠭᠤᠯᠠᠯ ᠤᠨ ᠰᠡᠳᠬᠢᠯ ᠬᠥᠳᠡᠯᠭᠡᠮ᠎ᠡ ᠦᠯᠢᠭᠡᠷ ᠢ ᠪᠢᠴᠢᠭᠯᠡᠪᠡ᠃ | | ᠶᠠᠳᠠᠭᠤ ᠶᠢ ᠲᠡᠳᠬᠦᠬᠦ ᠺᠠᠳ᠋ᠷ ᠬᠤᠸᠠᠩ ᠸᠧᠨ ᠰᠢᠤ ᠶᠢᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠣᠯᠠᠨ ᠢ | ᠨᠦᠯᠦᠭᠡᠯᠡᠵᠦ᠂ ᠵᠠᠯᠠᠭᠤᠴᠤᠳ ᠢᠯᠠᠩᠭᠤᠶ᠎ᠠ ᠨᠠᠮ ᠤᠨ ᠭᠡᠰᠢᠭᠦᠨ ᠺᠠᠳ᠋ᠷᠴᠤᠳ ᠲᠤ ᠭᠡᠷᠡᠯ ᠰᠠᠴᠤᠷᠠᠩᠭᠤᠶ ᠳᠠᠭᠤᠷᠢᠶᠠᠯ ᠪᠣᠯᠵᠤ᠂ | ᠤᠯᠠᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠭ | ᠰᠠᠨᠠᠭ᠎ᠠ ᠪᠠᠨ ᠦᠯᠦ ᠮᠠᠷᠲᠠᠬᠤ᠂ ᠡᠷᠡᠯᠬᠡᠭᠯᠡᠨ ᠤᠷᠤᠭᠰᠢᠯᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠲᠡᠮᠡᠴᠡᠯ ᠤᠨ ᠵᠣᠷᠢᠭ | ᠰᠠᠨᠠᠭ᠎ᠠ ᠪᠠᠷ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠪᠦᠬᠦᠨ ᠢ ᠰᠠᠶᠢᠲᠤᠷ ᠬᠢᠬᠦ ᠶᠢ ᠵᠤᠷᠢᠭᠵᠢᠭᠤᠯᠪᠠ᠃ | | | | ᠨᠠᠶᠢᠷᠠᠭᠤᠯᠤᠭᠴᠢ᠄ ᠵᠠᠩ ᠾᠦᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |