ᠹᠧᠩᠵᠧᠨ ᠬᠤᠲᠠ 2020 ᠣᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/11/12
  ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠪᠣᠯᠤᠨ ᠨᠡᠶᠢᠭᠡᠮ ᠤᠨ ᠭᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠪᠦᠬᠦ ᠨᠡᠶᠢᠭᠡᠮ ᠢᠶᠠᠷ ᠢᠶᠠᠨ ᠭᠠᠯ ᠤᠨᠲᠠᠷᠠᠭᠠᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠬᠤ ᠶᠢ ᠠᠩᠬᠠᠷᠬᠤ ᠶᠢ ᠲᠦᠯᠬᠢᠨ ᠠᠬᠢᠭᠤᠯᠬᠤ ᠶᠢᠨ ᠲᠦᠯᠦᠬᠡ᠂11 ᠰᠠᠷ᠎ᠠ ᠶᠢᠨ 9 ᠤ ᠡᠳᠦᠷ᠂ ᠹᠧᠩᠵᠧᠨ ᠬᠤᠲᠠ ︽ᠭᠠᠯ ᠤᠨᠲᠠᠷᠠᠭᠠᠬᠤ ᠶᠢ ᠠᠩᠬᠠᠷᠴᠦ᠂ ᠠᠮᠢ ᠨᠠᠰᠤ ᠶᠢ ᠳᠡᠭᠡᠳᠦᠯᠡᠨ᠎ᠡ︾ ᠭᠡᠬᠦ ᠭᠤᠤᠯ ᠰᠡᠳᠤᠪᠳᠦ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃
   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠬᠤᠩ ᠶᠠᠷᠢᠶ᠎ᠠ ᠲᠠᠯᠪᠢᠵᠦ᠂ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠲᠡᠮᠦᠷ ᠵᠠᠮ ᠤᠨ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠪᠥᠬᠦ ᠵᠢᠯᠣᠭᠤᠳᠣᠭᠴᠢ ᠪᠠᠶᠢᠯᠳᠤᠭᠴᠢ᠂ ᠭᠠᠯ ᠤᠨᠳᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠬᠠᠷᠢᠭᠤᠴᠠᠯᠭᠠᠲᠠᠨ ᠨᠠᠷ ᠵᠢᠴᠢ ᠨᠡᠶᠢᠭᠡᠮ ᠨᠡᠶᠢᠲᠡ ᠪᠠᠷ ᠢᠶᠠᠨ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ︽2020 ᠣᠨ ᠤ ᠹᠧᠩᠵᠧᠨ ᠬᠤᠲᠠ ᠶᠢᠨ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠲᠥᠰᠦᠯ︾ ᠢ ᠤᠩᠰᠢᠨ ᠨᠡᠶᠢᠲᠡᠯᠡᠪᠡ︔ ᠠᠵᠤ ᠠᠬᠤᠶᠢᠯᠠᠯ ᠤᠨ ᠲᠥᠯᠥᠭᠡᠯᠡᠭᠴᠢᠳ ᠶᠠᠷᠢᠶ᠎ᠠ ᠲᠠᠯᠪᠢᠪᠠ᠃    ᠵᠠᠩ ᠬᠤᠩ ᠶᠣᠰᠣᠯᠠᠯ ᠳᠡᠭᠡᠷ᠎ᠡ ᠹᠧᠩᠵᠧᠨ ᠬᠤᠲᠠ ᠶᠢᠨ 2020 ᠣᠨ ᠤ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠬᠰᠠᠨ ᠪᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠄ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠰᠡᠳᠬᠢᠴᠡ ᠪᠠᠨ ᠰᠢᠨᠡᠴᠢᠯᠡᠵᠦ᠂ ᠭᠠᠯ ᠤᠨᠲᠠᠷᠠᠭᠠᠬᠤ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠰᠢᠨ᠎ᠡ ᠬᠡᠯᠪᠡᠷᠢ᠂ ᠰᠢᠨ᠎ᠡ ᠠᠷᠭ᠎ᠠ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠨᠢᠭᠡᠴᠡ ᠨᠢ ᠬᠠᠷᠢᠭᠤᠴᠠᠭᠰᠠᠨ᠂ ᠵᠠᠭᠤᠴᠢᠯᠠᠭᠤᠷ ᠬᠠᠮᠵᠢᠯᠴᠠᠭᠰᠠᠨ ᠭᠠᠯ ᠤᠨᠲᠠᠷᠠᠭᠠᠬᠤ ᠤᠬᠠᠭᠤᠯᠭ᠎ᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠦᠬᠦ ᠠᠷᠠᠳ ᠢᠶᠠᠷ ᠢᠶᠠᠨ ᠠᠩᠬᠠᠷᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠪᠦᠬᠦ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠮᠰᠢᠭ ᠤᠨ ᠠᠳᠡᠯ ᠢ ᠠᠷᠭᠠᠴᠠᠨ ᠰᠢᠢᠳᠪᠦᠷᠢᠯᠡᠬᠦ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠳᠡᠢ᠃    ᠠᠵᠢᠯᠯᠠᠭᠠᠨ ᠤ ᠳᠤᠮᠳᠠ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠣᠯᠠᠨ ᠲᠦᠮᠡᠨ ᠳᠤ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠤᠨᠲᠠᠷᠠᠭᠠᠭᠴᠢ ᠬᠤᠲᠠ ᠶᠢᠨ ᠠᠷᠠᠳ ᠲᠤ ᠭᠠᠯ ᠤᠨᠲᠠᠷᠭᠠᠬᠤ ᠪᠠᠭᠠᠵᠢ ᠬᠡᠷᠡᠭᠰᠡᠯ ᠢᠶᠠᠨ ᠦᠵᠡᠭᠦᠯᠵᠦ᠂ ᠤᠬᠠᠭᠤᠯᠬᠤ ᠠᠵᠢᠯᠳᠠᠳ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠠᠰᠠᠭᠤᠳᠠᠯ ᠢ ᠪᠠᠷᠢᠨ ᠳᠣᠣᠷ᠎ᠠ ᠨᠢ ᠬᠠᠷᠢᠭᠤᠯᠵᠤ᠂ ᠣᠯᠠᠨ ᠲᠦᠮᠡᠨ ᠢ ᠬᠠᠪᠰᠤᠷᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠬᠤᠶᠠᠷ ᠬᠡᠮᠵᠢᠯᠳᠦ ᠲᠡᠮᠳᠡᠭ ᠢ ᠰᠢᠷᠪᠢᠵᠦ᠂ ᠣᠯᠠᠨ ᠢ ᠭᠠᠯ ᠤᠨᠲᠠᠷᠠᠭᠠᠬᠤ ᠶᠢ ᠰᠤᠷᠤᠯᠴᠠᠭᠤᠯᠵᠤ᠂ ᠭᠠᠯ ᠤᠨᠲᠠᠷᠠᠭᠠᠬᠤ ᠶᠢ ᠠᠩᠬᠠᠷᠴᠤ᠂ ᠭᠠᠯ ᠤᠨᠳᠠᠷᠠᠭ᠋ᠬᠤ ᠶᠢ  ᠤᠶᠢᠯᠠᠭᠠᠭᠤᠯᠪᠠ᠃
   ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠨᠡ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠭᠠᠯ ᠤᠨᠲᠠᠷᠠᠭᠠᠬᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠩᠨᠡᠭᠡ ᠥᠷᠲᠡᠭᠡ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠤᠬᠠᠭᠤᠯᠭ᠎ᠠ ᠶᠢ ᠠᠷᠠᠳ ᠣᠯᠠᠨ ᠳᠤ ᠣᠶᠢᠷᠠᠲᠤᠭᠤᠯᠵᠤ᠂ ᠥᠷᠭᠡᠨ ᠣᠯᠠᠨ ᠲᠦᠮᠡᠨ ᠤ ᠭᠠᠯ ᠤᠨᠳᠠᠷᠠᠭᠠᠬᠤ ᠮᠡᠳᠡᠯᠭᠡ ᠶᠢ ᠭᠦᠨᠵᠡᠭᠡᠶ ᠰᠤᠷᠤᠯᠴᠠᠨ ᠤᠶᠢᠯᠠᠭᠠᠭᠤᠯᠵᠤ᠂ ᠭᠠᠯ ᠤᠨᠲᠠᠷᠠᠭᠠᠬᠤ ᠶᠢ ᠠᠩᠬᠠᠷᠬᠤ ᠬᠡᠮᠵᠢᠶ᠎ᠡ ᠪᠠᠨ ᠨᠡᠮᠡᠭᠳᠡᠭᠦᠯᠵᠦ᠂ ᠪᠦᠬᠦ ᠨᠡᠶᠢᠭᠡᠮ ᠳᠤ ︽ᠪᠦᠬᠦ ᠠᠷᠠᠳ ᠢᠶᠠᠷ ᠢᠶᠠᠨ ᠭᠠᠯ ᠤᠨᠲᠠᠷᠠᠭᠠᠬᠤ ᠶᠢ ᠠᠩᠬᠠᠷᠴᠦ᠂ ᠠᠮᠢ ᠨᠠᠰᠤᠨ ᠤ ᠠᠮᠤᠷ ᠲᠦᠪᠰᠢᠨ ᠬᠠᠮᠤᠭ ᠠᠴᠠ ᠡᠷᠬᠢᠮ ᠳᠡᠭᠡᠳᠦ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠳᠡᠢ ᠪᠠᠷ ᠪᠤᠢ ᠪᠤᠯᠭᠠᠪᠠ᠃                            ᠤᠷᠴᠢᠭᠤᠯᠤᠭᠴᠢ᠄ ᠬᠠᠨ ᠰᠢᠶᠤᠤ ᠿᠦᠩ                            ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3