ᠦᠪᠦᠷ ᠮᠤᠩᠭᠤᠯ ᠤᠨ ᠲᠦᠸᠧ ᠶᠤᠸᠠᠨ ᠬᠡᠦᠷᠡᠰᠦ ᠪᠣᠯᠪᠠᠰᠤᠷᠠᠭᠤᠯᠬᠤ ᠬᠡᠢ ᠦᠢᠯᠡᠳᠬᠦ ᠬᠢᠵᠠᠭᠠᠷᠲᠤ ᠺᠣᠮᠫᠠᠨᠢ ᠶᠢᠨ ᠵᠢᠯ ᠳᠤ 300 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠠᠵᠢᠯ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠦᠪᠡᠳᠡᠭᠰᠢ ᠶᠡᠬᠡᠪᠡᠷ ᠶᠠᠪᠤᠭᠳᠠᠪᠠ
ᠨᠡᠶᠢᠲᠡᠯᠡᠭᠰᠡᠨ ᠴᠠᠭ᠄
2020/11/12
   ᠥᠪᠥᠷ ᠮᠣᠩᠭᠤᠯ ᠤᠨ ᠲᠦᠸᠧ ᠶᠤᠸᠠᠨ ᠬᠡᠦᠷᠡᠰᠦ ᠪᠣᠯᠪᠠᠰᠤᠷᠠᠭᠤᠯᠬᠤ ᠬᠡᠢ ᠦᠢᠯᠡᠳᠬᠦ ᠬᠢᠵᠠᠭᠠᠷᠲᠤ ᠺᠣᠮᠫᠠᠨᠢ ᠵᠢᠯ ᠳᠤ 300 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ ᠤᠨ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠹᠧᠩᠵᠧᠨ ᠬᠤᠲᠠ ᠳᠤ ᠨᠤᠲᠤᠭᠰᠢᠵᠤ᠂ 11 ᠰᠠᠷ᠎ᠠ ᠶᠢᠨ 7 ᠤ ᠡᠳᠦᠷ ᠠᠵᠢᠯ ᠡᠬᠢᠯᠡᠭᠦᠯᠦᠨ ᠰᠠᠭᠤᠷᠢ ᠲᠠᠯᠪᠢᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃
   ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠸᠢ ᠷᠦ᠋ ᠰᠢᠨ ᠵᠢᠴᠢ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ᠃
   ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠠᠩ ᡁᠢ ᠶᠦᠩ ᠵᠢᠴᠢ ᠹᠧᠩᠵᠧᠨ ᠳᠠᠬᠢ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠳᠡᠳ᠋ ᠬᠤᠲᠠ ᠶᠢᠨ ᠳᠠᠷᠤᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠠᠭᠤᠷᠢ ᠲᠠᠯᠪᠢᠬᠤ ᠶᠣᠰᠣᠯᠠᠯ ᠳᠤ ᠤᠷᠤᠯᠴᠠᠪᠠ᠃
   ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠧᠨ ᠬᠤᠸᠠ ᠭᠦᠸᠧ ᠲᠠᠢ ᠪᠦᠯᠦᠭᠯᠡᠯ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠵᠧᠨ ᠭᠦᠩ ᠪᠠ ᠵᠥᠩ ᠶᠧ ᠲᠢᠶᠠᠨ ᠭᠦᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠢᠶᠣᠤ ᠯᠸᠢ ᠪᠠᠭᠳᠠᠨ᠎ᠠ᠃    ᠸᠠᠩ ᠵᠧᠨ ᠬᠠᠢ ᠰᠠᠭᠤᠷᠢ ᠲᠠᠯᠪᠢᠬᠤ ᠶᠣᠰᠣᠯᠠᠯ ᠢ ᠡᠷᠬᠢᠯᠡᠭᠰᠡᠨ ᠪᠠ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠲᠦᠸᠧ ᠶᠤᠸᠠᠨ ᠬᠡᠦᠷᠡᠰᠦ ᠪᠣᠯᠪᠠᠰᠤᠷᠠᠭᠤᠯᠬᠤ ᠬᠡᠢ ᠦᠢᠯᠡᠳᠬᠦ ᠬᠢᠵᠠᠭᠠᠷᠲᠤ ᠺᠣᠮᠫᠠᠨᠢ ᠶᠢᠨ ᠵᠢᠯ ᠳᠤ 300 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ ᠤᠨ ᠪᠣᠬᠢᠷᠲᠤᠯ ᠥᠬᠡᠶ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠳᠤᠲᠤᠭᠠᠳᠤ ᠶᠢᠨ ᠡᠷᠭᠢᠯᠲᠡ ᠶᠢ ᠴᠢᠩᠭᠠᠳᠬᠠᠬᠤ ᠪᠠ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
   ᠶᠣᠰᠣᠯᠠᠯ ᠳᠡᠭᠡᠷ᠎ᠡ᠂ ᠴᠢᠶᠣᠤ ᠯᠸᠢ᠂ ᠸᠠᠩ ᠵᠧᠨ ᠭᠦᠩ ᠨᠠᠷ ᠠᠵᠤ ᠠᠬᠤᠶᠢᠯᠠᠯ ᠢ ᠲᠥᠯᠥᠭᠡᠯᠡᠨ ᠲᠤᠰ ᠲᠤᠰ ᠶᠠᠷᠢᠶ᠎ᠠ ᠲᠠᠯᠪᠢᠵᠤ᠂ ᠪᠠᠷᠢᠯᠭ᠎ᠠ ᠶᠢᠨ ᠡᠭᠦᠷᠭᠡ ᠶᠢ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠠᠮᠤᠷ ᠲᠦᠪᠰᠢᠨ  ᠪᠡᠶᠡᠯᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠦᠢᠯᠡᠳᠪᠦᠷᠢᠯᠡᠯ ᠤᠨ ᠴᠢᠳᠠᠮᠵᠢ ᠳᠤ ᠬᠦᠷᠴᠦ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠭᠡᠵᠦ ᠢᠯᠡᠷᠭᠡᠶᠢᠯᠡᠵᠡᠭᠡᠪᠡ᠃
  ᠸᠠᠩ ᡁᠢ ᠶᠦᠩ ᠪᠠᠶᠠᠷ ᠤᠨ ᠶᠠᠷᠢᠶᠠᠨ ᠳᠤ ᠪᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠷᠥᠯ ᠵᠦᠢᠯ ᠤᠨ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠪᠦᠲᠦᠭᠡᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠦᠭᠭᠦ ᠶᠢᠨ ᠬᠠᠮᠲᠤ ᠪᠠᠰᠠ ᠥᠪᠥᠷ ᠮᠣᠩᠭᠤᠯ ᠤᠨ ᠲᠦᠸᠧ ᠶᠤᠸᠠᠨ ᠬᠡᠦᠷᠡᠰᠦ ᠪᠣᠯᠪᠠᠰᠤᠷᠠᠭᠤᠯᠬᠤ ᠬᠡᠢ ᠦᠢᠯᠡᠳᠬᠦ ᠬᠢᠵᠠᠭᠠᠷᠳᠤ ᠺᠣᠮᠫᠠᠨᠢ ᠶᠢᠨ ᠥᠨᠳᠥᠷ ᠪᠠᠷᠢᠮᠵᠢᠶᠠᠲᠤ ᠱᠠᠭᠠᠷᠳᠠᠯᠭ᠎ᠠ᠂ ᠥᠨᠳᠥᠷ ᠡᠬᠢᠯᠡᠯᠲᠡ ᠲᠠᠢ ᠵᠢᠷᠤᠭ ᠲᠥᠯᠥᠪᠯᠡᠭᠡ᠂ ᠥᠨᠳᠥᠷ ᠬᠤᠷᠳᠤᠴᠠᠲᠤ ᠪᠦᠲᠦᠭᠡᠨ ᠪᠠᠶᠢᠭᠤᠯᠤᠯᠲᠠ᠂ ᠴᠢᠨᠠᠷ ᠰᠠᠶᠢᠲᠠᠶ ᠪᠠᠲᠤᠯᠠᠭ᠎ᠠ ᠪᠠ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ ᠭᠡᠪᠡ᠃
   ᠯᠸᠢ ᠷᠦ᠋ ᠰᠢᠨ ᠵᠢᠴᠢ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠢᠷᠤᠢ ᠨᠡᠮᠡᠵᠦ ᠰᠠᠭᠤᠷᠢ ᠲᠠᠯᠪᠢᠭᠰᠠᠨ ᠨᠢ ᠲᠣᠰ ᠲᠥᠷᠥᠯ ᠵᠦᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ  ᠪᠤᠢ    ᠥᠪᠥᠷ ᠮᠣᠩᠭᠤᠯ ᠤᠨ ᠲᠦᠸᠧ ᠶᠤᠸᠠᠨ ᠬᠡᠦᠷᠡᠰᠦ ᠪᠣᠯᠪᠠᠰᠤᠷᠠᠭᠤᠯᠬᠤ ᠬᠡᠢ ᠦᠢᠯᠡᠳᠬᠦ ᠬᠢᠵᠠᠭᠠᠷᠲᠤ ᠺᠣᠮᠫᠠᠨᠢ ᠹᠧᠩᠵᠧᠨ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠯ ᠳᠤ 300 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ ᠤᠨ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠶᠢᠨ ᠶᠡᠷᠦᠩᠬᠡᠶ ᠪᠡᠯᠡ ᠣᠷᠣᠭᠤᠯᠤᠯᠲᠠ ᠨᠢ 30 ᠳ᠋ᠦᠩᠰᠢᠭᠤᠷ ᠲᠥᠭᠦᠷᠢᠭ ᠪᠠᠶᠢᠵᠦ᠂ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠤᠨ᠎ᠠ᠃ ᠡᠭᠦᠨ ᠳᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠨᠢ ᠵᠢᠯ ᠳᠤ 150 ᠲᠦᠮᠡᠨ ᠲᠣᠨ ᠬᠡᠤᠷᠡᠰᠦ ᠦᠢᠯᠡᠳᠪᠦᠷᠢᠯᠡᠵᠦ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ ᠵᠢᠯ ᠳᠤ 150 ᠲᠦᠮᠡᠨ ᠲᠣᠨ ᠬᠡᠤᠷᠡᠰᠦ᠂ ᠬᠡᠢ ᠦᠢᠯᠡᠳᠪᠦᠷᠢᠯᠡᠬᠦ᠂ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠣᠷᠴᠢᠯ ᠠᠵᠤ ᠠᠬᠤᠢ ᠶᠢᠨ ᠠᠵᠤ ᠦᠢᠯᠡᠰ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠠᠵᠤ ᠠᠬᠤᠶ ᠶᠢᠨ ᠦᠷ᠎ᠡ ᠠᠰᠢᠭ ᠤᠨ ᠵᠢᠯ ᠤᠨ ᠦᠢᠯᠡᠳᠭᠦᠨ ᠤ ᠥᠷᠲᠡᠭ 50 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠰᠢᠭ ᠬᠤᠨᠵᠢᠪᠣᠷᠢ ᠨᠢ 5 ᠳ᠋ᠦᠩᠰᠢᠭᠤᠷ ᠲᠥᠭᠦᠷᠢᠭ᠂ ᠭᠠᠶᠢᠯᠢ ᠲᠠᠲᠠᠪᠤᠷᠢ ᠨᠢ 1.1 ᠳ᠋ᠦᠩᠰᠢᠭᠤᠷ ᠲᠥᠭᠦᠷᠢᠭ᠂ 1300 ᠭᠠᠷᠤᠶ ᠬᠥᠮᠦᠨ ᠳᠤ ᠠᠵᠢᠯ ᠤᠯᠭᠤᠬᠤ ᠪᠤᠯᠤᠨ᠎ᠠ᠃                  ᠨᠠᠶᠢᠷᠠᠭᠤᠯᠤᠭᠴᠢ᠄ ᠵᠠᠩ ᠾᠦᠢ                  ᠤᠷᠴᠢᠭᠤᠯᠤᠭᠴᠢ᠄ ᠬᠠᠨ ᠰᠢᠶᠤᠤ ᠿᠦᠩ                  ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3