| ᠡᠨᠡ ᠬᠡᠳᠦᠨ ᠡᠳᠦᠷ᠂ ᠶᠡᠷᠦᠩᠬᠡᠶ ᠪᠡᠯᠡ ᠣᠷᠣᠭᠤᠯᠤᠯᠲᠠ ᠨᠢ 3000 ᠲᠦᠮᠡᠨ ᠲᠥᠭᠦᠷᠢᠭ ᠪᠣᠯᠬᠤ ᠵᠢᠤᠢ ᠪᠦᠦ ᠵᠤᠸᠠᠩ | ᠪᠠᠯᠭᠠᠰᠤᠨ ᠤ ᠲᠥᠪᠡᠳ ᠬᠠᠰᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠢ ᠶᠠᠭ ᠱᠠᠯᠠᠪᠳᠠᠨ ᠪᠠᠶᠢᠭᠤᠯᠵᠤ | ᠪᠤᠢ᠃ | | ᠲᠦᠷᠦᠯ ᠵᠦᠢᠯ ᠨᠢ ᠮᠠᠨ ᠤ ᠬᠤᠲᠠ ᠶᠢᠨ ᠹᠧᠩᠰᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠳᠤ | ᠪᠠᠶᠢᠷᠢᠯᠠᠨ᠂ ᠳ᠋ᠠ ᠷᠧᠨ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠠᠴᠠ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠵᠢᠤᠢ ᠪᠦᠦ ᠵᠤᠸᠠᠩ ᠪᠠᠯᠭᠠᠰᠤᠨ ᠤ ᠵᠢᠤᠢ ᠪᠦᠦ ᠵᠤᠸᠠᠩ | ᠲᠣᠰᠬᠤᠨ ᠪᠠ ᠳᠥᠴᠢᠨ ᠬᠤᠶᠠᠳᠤᠭᠠᠷ ᠲᠣᠰᠬᠤᠨ ᠳᠤ ᠲᠥᠪᠡᠳ ᠬᠠᠰᠢ ᠶᠢᠨ ᠵᠢᠵᠢᠭ ᠪᠠᠯᠭᠠᠰᠤᠨ ᠤ ᠵᠢᠱᠢᠶ᠎ᠡ ᠦᠵᠡᠭᠦᠯᠬᠦ | ᠬᠦᠷᠢᠶᠡᠯᠡᠩ ᠤᠨ ᠲᠥᠷᠥᠯ ᠵᠦᠢᠯ ᠢ ᠭᠤᠤᠯᠳᠠᠯᠭ᠎ᠠ ᠲᠠᠢ ᠪᠠᠶᠢᠭᠤᠯᠤᠨ᠎ᠠ᠃ ᠳᠣᠯᠣᠳᠤᠭᠠᠷ ᠦᠶ᠎ᠡ ᠶᠢᠨ ︽ᠡᠪᠦᠯ ᠤᠨ | ᠳᠤᠯᠠᠭᠠᠨ ᠮᠠᠶ᠋ᠢᠭ︾ ᠤᠨ ᠨᠡᠷᠡᠨ ᠤ ᠭᠡᠷᠡᠯ ᠤᠨ ᠬᠦᠯᠡᠮᠵᠢ 33᠂ ᠤᠶᠤᠨᠲᠤ ᠰᠢᠯ ᠤᠨ ᠬᠦᠯᠡᠮᠵᠢ 1 ᠶᠢ ᠪᠠᠶᠢᠭᠤᠯᠤᠨ᠎ᠠ᠃ | ᠲᠥᠷᠥᠯ ᠵᠦᠢᠯ ᠨᠢ ︽ᠨᠠᠰᠤᠨ ᠬᠤᠲᠤᠭ ᠤᠨ ᠭᠡᠷᠡᠯ ᠤᠨ ᠲᠤᠷᠰᠢᠯᠭ᠎ᠠ ᠪᠠ ᠬᠡᠪ ᠵᠠᠭᠪᠤᠷ︾ ᠢ ᠬᠠᠭᠤᠯᠪᠤᠷᠢᠯᠠᠵᠤ᠂ ᠪᠡᠯᠡ | ᠮᠥᠩᠭᠦ᠂ ᠬᠠᠮᠢᠶᠠᠷᠤᠯᠲᠠ᠂ ᠮᠡᠷᠭᠡᠵᠢᠯ ᠪᠠ ᠵᠠᠬᠢᠶᠠᠯᠠᠭ᠎ᠠ ᠶᠢᠨ ᠬᠠᠭᠤᠳᠠᠰᠤ ᠶᠢ ᠣᠷᠣᠭᠤᠯᠤᠨ ᠠᠪᠴᠢᠷᠠᠵᠤ᠂ ︽ᠵᠢᠤᠢ ᠪᠦᠦ | ᠵᠤᠸᠠᠩ ᠲᠥᠪᠡᠳ ᠬᠠᠰᠢ︾ ᠶᠢᠨ ᠨᠡᠷᠡᠲᠦ ᠲᠡᠮᠳᠡᠭ ᠢ ᠳᠠᠩᠰᠠᠯᠠᠭᠤᠯᠵᠤ᠂ ᠳᠠᠩ ᠭᠠᠭᠴᠠ ᠲᠥᠪᠡᠳ ᠬᠠᠰᠢ ᠲᠠᠷᠢᠵᠤ᠂ | ᠪᠦᠬᠦᠨ ᠢ ᠠᠮᠢᠳᠤ ᠪᠣᠳᠠᠰ ᠤᠨ ᠣᠷᠭᠠᠨᠢᠭ ᠪᠣᠷᠳᠣᠭᠤᠷ ᠬᠡᠷᠡᠭᠯᠡᠵᠦ᠂ ᠬᠤᠶᠠᠷ ᠬᠡᠮᠵᠢᠯᠳᠦ ᠺᠣᠳ᠋ ᠤᠨ ᠮᠥᠷᠳᠡᠬᠦ ᠰᠢᠰᠲ᠋ᠧᠮ ᠢ | ᠪᠠᠶᠢᠭᠤᠯᠤᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | | ᠳ᠋ᠠ ᠷᠧᠨ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠸᠠᠩ ᠸᠧᠨ ᠵᠢᠶᠠᠩ ᠲᠠᠨᠢᠯᠴᠠᠭᠤᠯᠬᠤ ᠳᠠᠭᠠᠨ᠂ ᠲᠥᠪᠡᠳ ᠬᠠᠰᠢ ᠶᠢᠨ ᠵᠢᠵᠢᠭ ᠪᠠᠯᠭᠠᠰᠤᠨ ᠤ ᠲᠥᠷᠥᠯ | ᠵᠦᠢᠯ ᠢ ᠨᠡᠶᠢᠲᠡ ᠬᠤᠶᠠᠷ ᠬᠡᠰᠡᠭ ᠲᠣᠭᠤᠷᠢᠭ ᠬᠤᠪᠢᠶᠠᠵᠤ᠂ ᠡᠭᠦᠨ ᠳᠤ ᠡᠮᠦᠨᠡᠲᠦ ᠬᠡᠰᠡᠭ ᠤᠨ ᠣᠷᠣᠨ ᠳᠤ 170 ᠮᠥ | ᠭᠠᠵᠠᠷ ᠡᠵᠡᠯᠡᠵᠦ᠂ ᠤᠮᠠᠷᠠᠲᠤ ᠬᠡᠰᠡᠭ ᠤᠨ ᠣᠷᠣᠨ ᠳᠤ 115 ᠮᠥ ᠭᠠᠵᠠᠷ ᠡᠵᠡᠯᠡᠵᠦ ᠪᠤᠢ᠃ ᠣᠳᠣ ᠤᠮᠠᠷᠠᠲᠤ ᠬᠡᠰᠡᠭ ᠤᠨ | ᠪᠠᠷᠢᠯᠭ᠎ᠠ ᠶᠢᠨ ᠠᠵᠢᠯ ᠢ ᠦᠨᠳᠦᠰᠦᠨ ᠳᠡᠭᠡᠨ 95% ᠣᠷᠴᠢᠮ ᠪᠡᠶᠡᠯᠡᠭᠦᠯᠵᠦ᠂ ᠲᠠᠷᠢᠬᠤ ᠲᠠᠯᠠᠪᠠᠶ ᠨᠢ 38 ᠮᠦ ᠪᠠᠶᠢᠵᠤ᠂ | ᠡᠭᠦᠨ ᠤ ᠳᠣᠲᠣᠷ᠎ᠠ ᠬᠤᠶᠠᠷ ᠫᠧᠩ ᠨᠢ ᠨᠢᠭᠡᠨᠲᠡ ᠲᠠᠷᠢᠵᠤ ᠳᠠᠭᠤᠰᠴᠦ᠂ ᠬᠤᠶᠠᠷ ᠰᠠᠷ᠎ᠠ ᠣᠷᠴᠢᠮ ᠪᠣᠯᠪᠠᠯ ᠵᠢᠮᠢᠰᠯᠡᠵᠦ᠂ 11 | ᠰᠠᠷ᠎ᠠ ᠶᠢᠨ ᠰᠡᠭᠦᠯᠴᠢ ᠠᠴᠠ ᠡᠬᠢᠯᠡᠨ ᠪᠦᠬᠦ ᠲᠠᠯ᠎ᠠ ᠪᠠᠷ ᠲᠠᠷᠢᠨ᠎ᠠ᠃ | | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠬᠤᠲᠠ ᠶᠢᠨ ᠣᠳᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠶᠢᠨ ᠬᠠᠮᠲᠤ ᠨᠢᠭᠡ ᠲᠣᠰᠬᠤᠨ ᠨᠢᠭᠡ ᠲᠥᠷᠥᠯ ᠵᠦᠢᠯ ᠤᠨ ᠵᠢᠱᠢᠶ᠎ᠡ | ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠲᠤᠬᠠᠶ ᠶᠢᠨ ᠭᠠᠵᠠᠷ ᠤᠨ ᠲᠠᠷᠢᠶᠠᠴᠢᠳ ᠢ ᠳᠠᠶᠢᠴᠢᠯᠠᠨ ᠣᠯᠠᠨ ᠠᠷᠭ᠎ᠠ ᠵᠠᠮ ᠢᠶᠠᠷ | ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠠᠷᠠᠬᠤ ᠦᠬᠡᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ 60 ᠬᠥᠮᠦᠨ ᠢ ᠲᠣᠬᠢᠷᠠᠭᠤᠯᠤᠨ ᠠᠵᠢᠯ ᠣᠯᠭᠤᠵᠤ᠂ ᠬᠥᠮᠦᠨ | ᠨᠢᠭᠡᠪᠦᠷᠢ ᠶᠢᠨ ᠵᠢᠯ ᠪᠦᠷᠢ ᠶᠢᠨ ᠣᠷᠣᠯᠭ᠎ᠠ ᠨᠢ 3 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ ᠲᠡᠶᠢᠯᠦᠨ᠎ᠡ᠂ ᠪᠠᠰᠠ | ᠡᠷᠭᠢᠨ ᠲᠣᠭᠤᠷᠢᠨ ᠤ 4 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠳᠠᠶᠢᠴᠢᠯᠠᠵᠤ᠂ ᠵᠢᠯ ᠪᠦᠷᠢ | ᠲᠣᠭᠲᠠᠮᠠᠯ ᠠᠰᠢᠭ ᠬᠤᠪᠢᠶᠠᠷᠢᠯᠠᠯᠲᠠ ᠣᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠤᠷᠤᠯᠭ᠎ᠠ ᠶᠢ ᠨᠢ | ᠨᠡᠮᠡᠭᠳᠡᠬᠦᠯᠦᠨ᠎ᠡ᠃ | | ᠨᠠᠶᠢᠷᠠᠭᠤᠯᠤᠭᠴᠢ᠄ ᠵᠠᠩ ᠾᠦᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |