ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ12 ᠨᠡᠷᠡᠰ ︽ᠬᠤᠶᠠᠷ ᠥᠮᠡᠨ︾ ᠲᠠᠢ ᠡᠮᠡᠭᠲᠡᠢ ᠳᠤ 1 ᠲᠦᠮᠡᠨ ᠲᠦᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ
ᠨᠡᠶᠢᠲᠡᠯᠡᠭᠰᠡᠨ ᠴᠠᠭ᠄
2020/11/12
     ᠲᠦᠷᠦᠭᠦᠬᠡᠨ᠂ ᠮᠠᠨ ᠤ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ︽ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ︿ᠶᠠᠳᠠᠭᠤ ᠬᠦᠴᠢᠷᠳᠡᠯᠲᠡᠶ ᠡᠬᠡᠴᠦᠤᠯ ᠤᠨ ᠬᠤᠶᠠᠷ ᠥᠮᠡᠨ ᠢ ᠠᠪᠤᠷᠠᠨ ᠲᠤᠰᠠᠯᠠᠬᠤ﹀ ᠲᠥᠪ ᠬᠤᠷᠢᠶᠠᠨ ᠤ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠹᠧᠩᠵᠧᠨ ᠬᠤᠲᠠ ᠳᠤ ᠲᠠᠷᠬᠠᠭᠠᠬᠤ ᠶᠣᠰᠣᠯᠠᠯ︾ ᠢ ᠡᠷᠭᠢᠯᠡᠵᠦ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠶᠢᠨ ᠬᠠᠮᠢᠶ᠎ᠠ ᠪᠥᠬᠦᠶ ᠬᠥᠮᠦᠰ ᠠᠵᠢᠯᠯᠠᠭ᠎ᠠ ᠳᠤ ᠤᠷᠤᠯᠴᠠᠪᠠ᠃
   ︽ᠬᠤᠶᠠᠷ ᠥᠮᠡᠨ︾ ᠢ ᠨᠡᠶᠢᠳᠡᠮ ᠪᠠᠶᠢᠴᠠᠭᠠᠬᠤ ᠲᠥᠷᠥᠯ ᠵᠦᠢᠯ ᠪᠣᠯᠤᠨ ︽ᠶᠠᠳᠠᠭᠤ ᠬᠦᠴᠢᠷᠳᠡᠯᠲᠡᠶ ᠡᠬᠡᠴᠤᠤᠯ ᠤᠨ ᠬᠤᠶᠠᠷ ᠥᠮᠡᠨ ᠢ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ︾ ᠶᠢ ᠠᠪᠤᠷᠠᠨ ᠲᠤᠰᠠᠯᠠᠬᠤ ᠠᠵᠢᠯᠯᠠᠭ᠎ᠠ ᠪᠣᠯ ᠪᠦᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭᠵᠢᠭᠦᠯᠦᠭᠰᠡᠨ ᠨᠢᠭᠡ ᠵᠦᠢᠯ ᠤᠨ ᠮᠢᠩᠭᠠᠨ ᠲᠦᠮᠡᠨ ᠡᠮᠡᠭᠲᠡᠶᠢᠴᠦᠳ ᠪᠣᠯᠤᠨ ᠭᠡᠷ ᠪᠦᠯᠢ ᠳᠤ ᠪᠤᠶᠠᠨ ᠦᠢᠯᠡᠳᠬᠦ ᠠᠷᠠᠳ ᠤᠨ ᠰᠡᠳᠬᠢᠯ ᠤᠨ ᠢᠨᠵᠧᠨᠧᠷᠢᠩ᠂ ᠮᠥᠨᠴᠦ ᠨᠠᠮ ᠪᠣᠯᠤᠨ ᠵᠠᠰᠠᠭ ᠤᠨ ᠣᠷᠳᠣᠨ ᠤ ᠡᠮᠡᠭᠲᠡᠶᠢᠴᠦᠳ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ  ᠰᠡᠳᠬᠢᠯ ᠤᠨ ᠢᠨᠵᠧᠨᠧᠷᠢᠩ ᠪᠣᠯᠤᠨ᠎ᠠ᠃ ᠮᠠᠨ ᠤ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠤᠨ ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠡᠷᠦᠬᠡ ᠳᠤ ᠣᠷᠣᠬᠤ᠂ ᠰᠤᠷᠪᠤᠯᠵᠢᠯᠠᠬᠤ᠂ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠡᠮᠡᠭᠲᠡᠶᠢᠴᠦᠳ ᠤᠨ ︽ᠬᠤᠶᠠᠷ ᠥᠮᠡᠨ︾ ᠤ ᠮᠡᠳᠡᠭᠡ ᠵᠠᠩᠭᠢ ᠶᠢ ᠴᠤᠬᠯᠠᠭᠤᠯᠤᠬᠰᠠᠭᠠᠷ ᠢᠷᠡᠪᠡ᠃
   ᠮᠠᠨ ᠤ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠡᠨᠡ ᠤᠳᠠᠭ᠎ᠠ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠬᠤᠶᠠᠷ ᠥᠮᠡᠨ ᠡᠮᠡᠭᠳᠡᠶᠢᠴᠦᠳ ᠲᠤ ᠬᠥᠮᠦᠨ ᠪᠦᠷᠢ ᠳᠤ 1 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠤᠯᠭᠤᠬᠰᠠᠨ ᠪᠠ ᠢᠳᠡᠪᠬᠢᠲᠡᠢ ᠠᠵᠢᠯᠯᠠᠵᠤ᠂ ᠨᠥᠬᠦᠴᠡᠯ ᠳᠤ ᠨᠡᠶᠢᠴᠡᠬᠦ ᠠᠪᠤᠷᠠᠨ ᠲᠤᠰᠠᠯᠠᠬᠤ ᠴᠢᠬᠤᠯᠠᠲᠠᠶ 12 ᠡᠮᠡᠭᠲᠡᠶᠢᠴᠦᠳ ᠲᠤ ᠠᠪᠤᠷᠠᠨ ᠲᠤᠰᠠᠯᠠᠬᠤ ᠮᠥᠩᠭᠦ ᠨᠡᠶᠢᠲᠡ 12 ᠲᠦᠮᠡᠨ ᠲᠥᠭᠦᠷᠢᠭ ᠲᠠᠷᠬᠠᠭᠠᠪᠠ᠃ ᠲᠤᠰᠠᠯᠠᠮᠵᠢ ᠬᠦᠷᠳᠡᠭᠰᠡᠨ ᠡᠮᠡᠭᠲᠡᠶᠢᠴᠦᠳ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ᠂ ᠬᠤᠶᠢᠰᠢᠳᠠ ᠢᠳᠡᠪᠬᠢᠲᠡᠶ ᠪᠠᠶᠠᠰᠤᠩᠭᠤᠶ ᠣᠪᠣᠷ ᠢᠶᠠᠷ ᠡᠪᠡᠳᠴᠢᠨ ᠡᠮᠭᠡᠭ ᠲᠤ ᠬᠠᠨᠳᠤᠵᠤ᠂ ᠢᠲᠡᠭᠡᠯ ᠵᠣᠷᠢᠭ ᠢᠶᠠᠨ ᠬᠦᠪᠴᠢᠯᠡᠨ᠂ ᠠᠮᠢᠳᠤᠷᠠᠯ ᠤᠨ ᠬᠦᠰᠡᠯ ᠡᠷᠡᠮᠡᠯᠵᠡᠯ ᠢᠶᠠᠨ ᠳᠠᠬᠢᠨ ᠱᠤᠭᠤᠬᠤ ᠪᠠᠨ ᠢᠯᠡᠷᠭᠡᠶᠢᠯᠡᠵᠡᠭᠡᠪᠡ᠃                              ᠨᠠᠶᠢᠷᠠᠭᠤᠯᠤᠭᠴᠢ᠄ ᠵᠠᠩ ᠾᠦᠢ                              ᠤᠷᠴᠢᠭᠤᠯᠤᠭᠴᠢ᠄ ᠬᠠᠨ ᠰᠢᠶᠤᠤ ᠿᠦᠩ                              ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3