ᠸᠠᠩ ᡁᠢ ᠶᠦᠩ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/11/23
   11 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠸᠠᠩ ᡁᠢ ᠶᠦᠩ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠱᠢ ᠬᠦᠢ ᠵᠢᠶᠦ᠋ᠨ ᠪᠠᠷ᠎ᠠ ᠪᠣᠯᠪᠠ᠃
   ᠰᠢᠨ ᠴᠧᠩ ᠸᠠᠨ ᠭᠠᠴᠠᠭᠠᠨ ᠤ ᠠᠷᠠᠳ ᠤᠨ ᠵᠥᠪᠯᠡᠯ ᠳᠤ᠂ ᠸᠠᠩ ᡁᠢ ᠶᠦᠩ ︽ᠨᠢᠭᠡ ᠣᠷᠣᠯᠭ᠎ᠠ ᠲᠠᠢ᠂ ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠ ᠲᠣᠰᠬᠤᠨ ᠳᠤ ᠰᠠᠭᠤᠭ᠎ᠠ ᠺᠠᠳ᠋ᠷᠴᠤᠳ ᠪᠣᠯᠤᠨ ᠬᠠᠪᠰᠤᠷᠤᠨ ᠲᠡᠳᠬᠦᠬᠦ ᠺᠠᠳ᠋ᠷᠴᠤᠳ ᠤᠨ ᠠᠵᠢᠯ ᠤᠨ ᠪᠠᠶᠢᠷᠢ ᠳᠤ ᠬᠦᠷᠦᠭᠰᠡᠨ ᠵᠡᠷᠭᠡ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠬᠡᠷᠡᠭ ᠡᠷᠬᠢᠯᠡᠬᠦ ᠭᠠᠵᠠᠷ ᠤᠨ ᠺᠠᠳ᠋ᠷ᠂ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ  ᠨᠢᠭᠡᠳᠦᠭᠡᠷ ᠱᠦᠵᠢ ᠵᠡᠷᠭᠡ ᠬᠦᠮᠦᠰ ᠲᠠᠢ ᠰᠠᠨᠠᠯ ᠢᠶᠠᠨ ᠰᠤᠯᠢᠯᠴᠠᠵᠦ᠂ ᠲᠡᠳᠡᠨᠠᠷ ᠢ ᠦᠷᠭᠦᠯᠵᠢᠯᠡᠨ ᠪᠡᠷᠬᠡ ᠰᠡᠳᠦᠪ ᠢ ᠰᠢᠢᠳᠪᠦᠷᠢᠯᠡᠬᠦ ᠪᠠᠶᠢᠳᠠᠯ ᠪᠠ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠨ ᠪᠠᠲᠤᠯᠠᠬᠤ ᠬᠡᠷᠡᠭᠲᠡᠶ᠂ ᠶᠠᠭᠠᠬᠢᠭᠰᠠᠨ ᠴᠤ ︽ᠵᠠᠭᠤᠨ ᠭᠠᠵᠠᠷ ᠤᠨ ᠠᠶᠠᠯᠠᠯ ᠢ ᠶᠡᠷᠡᠨ ᠭᠠᠵᠠᠷ ᠶᠠᠪᠤᠭᠤᠯᠵᠤ ᠪᠣᠯᠬᠤ ᠦᠭᠡᠢ︾ ᠭᠡᠵᠦ  ᠵᠤᠷᠢᠭᠵᠢᠭᠤᠯᠪᠠ᠃    ᠳᠠᠷᠠᠭ᠎ᠠ ᠨᠢ᠂ ᠸᠠᠩ ᡁᠢ ᠶᠦᠩ ᠡᠷᠦᠬᠡ ᠳᠤ ᠣᠷᠣᠵᠤ ᠶᠠᠳᠠᠭᠤ ᠬᠦᠴᠢᠷᠳᠡᠯᠲᠡᠶ ᠡᠷᠦᠬᠡ ᠪᠠᠷ ᠲᠣᠭᠤᠷᠢᠨ ᠦᠵᠡᠵᠦ᠂ ᠲᠡᠳᠡᠨ ᠤ ᠦᠢᠯᠡᠳᠪᠦᠷᠢᠯᠡᠯ ᠠᠮᠢᠳᠤᠷᠠᠯ᠂ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ᠂ ᠡᠪᠡᠳᠴᠢᠨ ᠦᠵᠡᠭᠦᠯᠬᠦ ᠵᠡᠷᠭᠡ ᠪᠠᠶᠢᠳᠠᠯ ᠢ ᠨᠠᠷᠢᠨ ᠤᠶᠢᠯᠠᠭᠠᠵᠦ᠂ ᠬᠤᠯᠪᠣᠭᠳᠠᠯ ᠪᠥᠬᠦᠶ ᠡᠬᠡ ᠲᠠᠩᠰᠠ ᠶᠢ ᠨᠠᠷᠢᠨ ᠬᠢᠨᠠᠮᠠᠭᠠᠶ ᠪᠠᠶᠢᠴᠠᠭᠠᠬᠤ ᠶᠢᠨ ᠲᠠᠭᠠᠤ ᠬᠡᠷᠡᠭ ᠡᠷᠬᠢᠯᠡᠬᠦ ᠭᠠᠵᠠᠷ ᠪᠣᠯᠤᠨ ᠲᠣᠰᠬᠤᠨ ᠤ ᠠᠷᠠᠳ ᠤᠨ ᠵᠥᠪᠯᠡᠯ ᠤᠨ ᠬᠤᠶᠠᠷ ᠱᠠᠲᠤᠨ ᠤ ᠺᠠᠳ᠋ᠷᠴᠤᠳ ᠲᠤ ᠠᠷᠠᠳ ᠢ ᠳᠡᠭᠡᠳᠦᠯᠡᠬᠦ ᠣᠶᠢᠯᠠᠭᠠᠭᠳᠠᠬᠤᠨ ᠢ  ᠪᠠᠷᠢᠮᠳᠠᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠬᠢᠨᠠᠮᠠᠭᠠᠶ ᠦᠷᠨᠢᠭᠦᠯᠦᠨ᠂ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠬᠢ ᠪᠠᠶᠢᠭᠤᠯᠬᠤ ᠬᠡᠷᠡᠭᠳᠡᠢ ᠭᠡᠪᠡ᠃    ᠸᠠᠩ ᡁᠢ ᠶᠦᠩ ᠴᠢᠬᠤᠯᠠᠴᠢᠯᠠᠭᠰᠠᠨ ᠨᠢ᠂ ᠵᠢᠯ ᠤᠨ ᠡᠴᠦᠰ ᠪᠣᠯᠬᠤ ᠳᠤ᠂ ᠡᠯ᠎ᠡ ᠵᠦᠢᠯ ᠤᠨ ᠠᠵᠢᠯ ᠠᠯᠬᠤᠮ ᠳᠠᠷᠠᠭᠠᠯᠠᠨ ᠰᠡᠭᠦᠯ ᠬᠤᠷᠢᠶᠠᠬᠤ ᠱᠠᠲᠤᠨ ᠳᠤ ᠤᠷᠤᠵᠤ᠂ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠᠰᠠ ᠰᠢᠨ᠎ᠡ ᠦᠷᠢᠰᠦᠯᠳᠦᠭᠡᠨ ᠢ ᠠᠪᠴᠢᠷᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠢᠯ ᠤᠨ ᠠᠶᠢᠵᠠᠮ ᠢ ᠰᠠᠶᠢᠲᠤᠷ ᠡᠵᠡᠮᠳᠡᠵᠦ᠂ ᠬᠢᠵᠠᠭᠠᠷ ᠲᠠᠢ ᠴᠠᠭ ᠢ ᠭᠦᠢᠴᠡᠳ ᠠᠰᠢᠭᠯᠠᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠠᠳᠬᠤᠵᠤ᠂  ᠪᠤᠭᠤᠮᠳᠠ ᠰᠢᠪᠲᠤᠯᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠬᠢᠭᠳᠠᠯ ᠢ ᠨᠠᠷᠢᠨ ᠬᠢᠨᠠᠮᠠᠭᠠᠶ ᠪᠠᠶᠢᠴᠠᠭᠠᠨ᠂ ᠳᠤᠲᠠᠭᠤ ᠶᠢ ᠨᠥᠬᠦᠪᠥᠷᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠳᠤᠯᠠᠬᠤ ᠬᠡᠷᠡᠭᠳᠡᠢ᠃                   ᠨᠠᠶᠢᠷᠠᠭᠤᠯᠤᠭᠴᠢ᠄ ᠵᠠᠩ ᠾᠦᠢ                   ᠤᠷᠴᠢᠭᠤᠯᠤᠭᠴᠢ᠄ ᠬᠠᠨ ᠰᠢᠶᠤᠤ ᠿᠦᠩ                   ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3