| ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠥᠷᠭᠡᠨ ᠣᠯᠠᠨ ᠲᠦᠮᠡᠨ ᠳᠤ ᠠᠷᠢᠭᠤᠨ ᠴᠡᠪᠡᠷ᠂ ᠴᠡᠪᠡᠷ ᠲᠡᠭᠰᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ | ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠦᠯᠦᠭᠡ᠂ ᠭᠤᠸᠠᠨ ᠳᠦᠨ ᠪᠦ᠋ ᠰᠢᠶᠠᠩ ᠤᠨ ᠨᠠᠮ ᠤᠨ ᠬᠤᠷᠢᠶ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠲᠠᠯ᠎ᠠ ᠪᠠᠷ ᠵᠤᠬᠢᠴᠠᠭᠤᠯᠤᠨ᠂ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ | ᠰᠢᠮᠳᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠥᠳᠡᠭᠡ ᠲᠤᠰᠬᠤᠨ ᠤ | ᠣᠷᠴᠢᠨ ᠲᠣᠭᠤᠷᠢᠨᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ | ᠬᠡᠳᠦᠨ ᠡᠳᠦᠷ ᠤᠨ ᠲᠤᠷᠰᠢ᠂ ᠭᠤᠸᠠᠨ ᠲᠦᠨ ᠪᠦᠦ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠠᠷ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠭᠤᠸᠠᠨ ᠲᠦᠨ ᠪᠦ᠋ | ᠰᠢᠶᠠᠩ ᠤᠨ ᠬᠡᠳᠦᠨ ᠰᠡᠯᠪᠢᠨ ᠵᠠᠰᠠᠬᠤ ᠦᠢᠯᠡᠳᠪᠦᠷᠢ ᠶᠢ ᠭᠤᠤᠯᠳᠠᠯᠭ᠎ᠠ ᠲᠠᠢ ᠪᠠᠶᠢᠴᠠᠭᠠᠵᠦ᠂ ᠲᠥᠪᠯᠡᠷᠡᠭᠦᠯᠦᠨ ᠴᠡᠭᠴᠡᠯᠡᠨ | ᠵᠠᠰᠠᠪᠠ᠃ | | | | | | | | | | | | ᠭᠡᠷ ᠤᠨ ᠡᠵᠡᠩᠨᠡᠯᠲᠡ ᠶᠢᠨ ᠰᠡᠯᠪᠢᠨ ᠵᠠᠰᠠᠬᠤ ᠦᠢᠯᠡᠳᠪᠦᠷᠢ᠂ ᠽᠠᠨ ᠰᠾᠢ ᠰᠡᠯᠪᠢᠨ ᠵᠠᠰᠠᠬᠤ ᠦᠢᠯᠡᠳᠪᠦᠷᠢ᠂ ᠺᠧᠤ | ᠽᠢ ᠲᠣᠰᠬᠤᠨ ᠤ ᠰᠡᠯᠪᠢᠨ ᠵᠠᠰᠠᠬᠤ ᠦᠢᠯᠡᠳᠪᠦᠷᠢ᠂ ᠱᠢ ᠴᠧᠩ ᠰᠡᠯᠪᠢᠨ ᠵᠠᠰᠠᠬᠤ ᠦᠢᠯᠡᠳᠪᠦᠷᠢ᠂ ᠵᠠᠩ ᠣᠪᠣᠭᠲᠤ ᠰᠡᠯᠪᠢᠨ | ᠵᠠᠰᠠᠬᠤ ᠦᠢᠯᠡᠳᠪᠦᠷᠢ᠂ ᠸᠠᠩ ᠵᠢᠶᠠ ᠶᠢᠩ ᠲᠣᠰᠬᠤᠨ ᠤ ᠰᠡᠯᠪᠢᠨ ᠵᠠᠰᠠᠬᠤ ᠦᠢᠯᠡᠳᠪᠦᠷᠢ ᠵᠡᠷᠭᠡ ᠶᠢᠨ ᠲᠣᠭᠲᠠᠭᠠᠯ ᠠᠴᠠ | ᠵᠥᠷᠢᠴᠡᠨ ᠬᠠᠶᠠᠬᠳᠠᠮᠠᠯ ᠬᠦᠷᠳᠦ ᠶᠢ ᠵᠡᠭᠡᠯᠢ ᠲᠤᠮᠳᠠ ᠡᠷᠦᠶ ᠬᠤᠷᠤᠶ ᠦᠭᠡᠶ ᠣᠪᠣᠭᠠᠯᠠᠵᠤ ᠲᠠᠯᠪᠢᠭᠰᠠᠨ ᠠᠵᠢᠯᠯᠠᠭ᠎ᠠ ᠳᠤ | ᠪᠠᠶᠢᠴᠠᠭᠠᠯᠲᠠ ᠬᠢᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ | ᠭᠤᠸᠠᠨ ᠲᠦᠨ ᠪᠦᠦ ᠰᠢᠶᠠᠩ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠵᠤ᠂ ᠬᠥᠳᠡᠭᠡ | ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠶᠢᠵᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠤᠨ᠂ ᠲᠠᠷᠢᠶᠠᠴᠢᠨ ᠲᠦᠮᠡᠨ ᠢ ᠢᠳᠡᠪᠬᠢᠲᠡᠶ ᠣᠷᠣᠯᠴᠠᠭᠤᠯᠵᠤ | ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠬᠦᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠪᠠᠶᠢᠭᠤᠯᠪᠠ᠃ ᠠᠭᠤᠯᠠ ᠤᠰᠤ ᠰᠠᠶᠢᠬᠠᠨ | ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠤᠯᠭᠠᠵᠦ᠂ ᠲᠠᠷᠢᠶᠠᠴᠢᠨ ᠲᠦᠮᠡᠨ ᠤ ᠵᠣᠯ ᠵᠢᠷᠭᠠᠯ ᠤᠨ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠲᠡᠭᠡᠭᠰᠢᠯᠡᠬᠦᠯᠬᠦ ᠶᠢᠨ ᠲᠦᠯᠦᠭᠡ᠂ ᠨᠡᠶᠢᠲᠡ ᠶᠢᠨ ᠬᠦᠴᠦᠨ ᠢ ᠨᠢᠭᠲᠠᠷᠠᠭᠤᠯᠵᠤ᠂ | ᠲᠥᠪᠯᠡᠷᠡᠭᠦᠯᠦᠨ ᠪᠣᠭᠤᠮᠲᠠ ᠰᠢᠪᠳᠤᠯᠤᠨ᠎ᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |