| | 11 ᠰᠠᠷ᠎ᠠ ᠶᠢᠨ 10 ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠭᠤᠴᠢᠨ ᠬᠤᠲᠠ | ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠳᠣᠲᠣᠭᠠᠳᠤ ᠶᠢ ᠬᠠᠮᠠᠭᠠᠯᠠᠬᠤ ᠬᠤᠤᠷ ᠴᠠᠭᠠᠵᠠᠯᠠᠬᠤ ᠶᠡᠭᠡ | ᠠᠩᠭᠢ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠹᠧᠩᠵᠧᠨ ᠨᠢᠭᠡᠳᠦᠭᠡᠷ ᠳᠤᠮᠳᠠᠳᠤ | ᠰᠤᠷᠭᠠᠭᠤᠯᠢ ᠳᠤ ᠣᠷᠣᠵᠤ᠂ ᠬᠠᠤᠯᠢ ᠳᠦᠷᠢᠮ ᠤᠨ ᠬᠥᠮᠦᠵᠢᠯ᠂ ᠬᠤᠤᠷ ᠴᠠᠭᠠᠵᠠᠯᠠᠬᠤ ᠤᠬᠠᠭᠤᠯᠭ᠎ᠠ ᠪᠠ ᠭᠠᠯ ᠤᠨᠲᠠᠷᠠᠭᠠᠬᠤ | ᠪᠣᠳᠠᠲᠤ ᠲᠠᠶᠢᠨ ᠤ ᠰᠤᠷᠢᠯᠲᠠ ᠪᠠᠷ ᠭᠤᠤᠯ ᠰᠡᠳᠦᠪ ᠪᠣᠯᠭᠠᠭᠰᠠᠨ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭ᠎ᠠ ᠳᠤᠮᠳᠠ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠪᠠᠭᠰᠢ ᠰᠤᠷᠤᠭᠴᠢᠳ ᠲᠤ | ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠵᠦ ᠶᠠᠭᠤ ᠪᠣᠶ︖ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ | ᠢᠯᠡᠷᠡᠬᠦ ᠬᠡᠯᠪᠡᠷᠢ︖ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ ᠰᠡᠷᠭᠡᠶᠢᠯᠡᠬᠦ ᠪᠣᠶ︖ ᠰᠤᠷᠭᠠᠭᠤᠯᠢ ᠶᠢᠨ | ᠬᠦᠷᠢᠶᠡᠨ ᠤ ᠳᠣᠷᠣᠮᠵᠢᠯᠠᠯ ᠤᠨ ᠬᠠᠤᠯᠢ ᠶᠢᠨ ᠬᠠᠷᠢᠭᠤᠴᠠᠯᠭ᠎ᠠ ᠵᠢᠴᠢ ︽ᠰᠤᠷᠭᠠᠭᠤᠯᠢ ᠶᠢᠨ ᠬᠦᠷᠢᠶᠡᠨ ᠤ ᠴᠥᠷᠬᠡᠯᠡᠭᠡ | ᠵᠢᠭᠡᠯᠡᠯᠭᠡ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠬᠡᠷᠬᠢᠨ ᠰᠡᠷᠭᠡᠶᠢᠯᠡᠬᠦ ᠵᠡᠷᠭᠡ ᠬᠠᠦᠯᠢ ᠴᠠᠭᠠᠵᠠ ᠶᠢᠨ ᠮᠡᠳᠡᠯᠭᠡ ᠶᠢ | ᠲᠠᠶᠢᠯᠪᠤᠷᠢᠯᠠᠪᠠ︔ ᠬᠤᠤᠷ ᠴᠠᠭᠠᠵᠠᠯᠠᠬᠤ ᠶᠡᠭᠡ ᠠᠩᠭᠢ ᠶᠢᠨ ᠺᠠᠳ᠋ᠷ ᠴᠠᠭᠳᠠᠭ᠎ᠠ ᠨᠠᠷ ᠲᠤᠬᠠᠶ ᠶᠢᠨ ᠲᠠᠯᠠᠪᠤᠷ ᠲᠤ 20 | ᠬᠠᠭᠤᠳᠠᠰᠤ ᠬᠤᠤᠷ ᠴᠠᠭᠠᠵᠠᠯᠠᠬᠤ ᠵᠢᠷᠤᠭ ᠤᠨ ᠬᠠᠪᠲᠠᠰᠤ ᠶᠢ ᠳᠡᠯᠭᠡᠨ ᠦᠵᠡᠭᠦᠯᠵᠦ᠂ ᠪᠠᠭᠰᠢ ᠰᠤᠷᠤᠭᠴᠢᠳ ᠲᠤ ᠬᠡᠷᠬᠢᠨ | ᠬᠤᠣᠷ ᠢ ᠲᠠᠨᠢᠵᠤ᠂ ᠬᠤᠣᠷ ᠢ ᠰᠡᠷᠭᠡᠶᠢᠯᠡᠬᠦ ᠪᠠ ᠬᠤᠣᠷ ᠢ ᠡᠰᠡᠷᠭᠦᠴᠡᠬᠦ ᠶᠢ ᠲᠠᠶᠢᠯᠪᠤᠷᠢᠯᠠᠬᠤ ᠶᠢᠨ ᠬᠠᠮᠲᠤ ᠬᠤᠣᠷ ᠢ | ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠢ ᠬᠤᠪᠢ᠂ ᠬᠤᠣᠷ ᠢ ᠴᠠᠭᠠᠵᠠᠯᠠᠬᠤ ᠤᠬᠠᠭᠤᠯᠭ᠎ᠠ ᠶᠢᠨ ᠭᠠᠷ | ᠪᠣᠭᠴᠣ ᠶᠢ 1000 ᠭᠠᠷᠤᠢ ᠲᠠᠷᠬᠠᠭᠠᠪᠠ︔ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ | ᠰᠣᠷᠢᠯᠲᠠ ᠪᠣᠯᠤᠨ ᠭᠠᠯ ᠲᠦᠢᠮᠡᠷ ᠠᠴᠠ ᠠᠮᠢ ᠵᠢᠭᠤᠲᠠᠬᠤ ᠰᠣᠷᠢᠯᠲᠠ ᠬᠢᠵᠦ᠂ ᠪᠠᠭᠰᠢ ᠰᠤᠷᠤᠭᠴᠢᠳ ᠲᠤ ᠬᠡᠷᠬᠢᠨ | ᠬᠥᠭᠡᠰᠦᠲᠦ ᠭᠠᠯ ᠤᠨᠲᠠᠷᠠᠭᠠᠭᠤᠷ ᠢ ᠬᠡᠷᠡᠭᠯᠡᠬᠦ᠂ ᠭᠠᠯ ᠤᠨ ᠠᠶᠤᠯ ᠭᠠᠷᠤᠭᠰᠠᠨ ᠤ ᠳᠠᠷᠠᠭ᠎ᠠ ᠬᠡᠷᠬᠢᠨ ᠠᠮᠢ ᠵᠢᠭᠤᠲᠠᠬᠤ ᠵᠢᠴᠢ | ᠠᠮᠢ ᠵᠢᠭᠤᠲᠠᠬᠤ ᠳᠤ ᠠᠩᠬᠠᠷᠬᠤ ᠵᠦᠢᠯ ᠵᠡᠷᠭᠡ ᠶᠢ ᠵᠢᠠᠭᠠᠨ ᠵᠢᠯᠤᠭᠤᠳᠴᠦ᠂ ᠪᠠᠭᠰᠢ ᠰᠤᠷᠤᠭᠴᠢᠳ ᠤᠨ ᠬᠠᠯᠠᠭᠤᠨ | ᠬᠦᠷᠢᠶᠡᠯᠡᠯ ᠢ ᠣᠯᠪᠠ᠃ | | ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠪᠠᠰᠠ ᠬᠠᠭᠤᠴᠢᠨ ᠬᠤᠲᠠ ᠶᠢᠨ ᠲᠣᠮᠢᠯᠠᠭᠰᠠᠨ ᠰᠠᠯᠪᠤᠷᠢ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠢ ᠬᠠᠤᠯᠢ ᠳᠦᠷᠢᠮ ᠤᠨ ᠳᠡᠳ᠋ ᠵᠠᠬᠢᠷᠤᠯ ᠢᠶᠠᠷ ᠤᠷᠢᠵᠤ ᠰᠤᠷᠭᠠᠭᠤᠯᠢ ᠶᠢᠨ ᠬᠦᠷᠢᠶᠡᠨ ᠤ | ᠪᠠᠭᠰᠢ ᠰᠤᠷᠤᠭᠴᠢᠳ ᠲᠤ ᠬᠠᠤᠯᠢ ᠳᠦᠷᠢᠮ ᠤᠨ ᠬᠥᠮᠦᠵᠢᠯ ᠤᠨ ᠤᠬᠠᠭᠤᠯᠭ᠎ᠠ ᠶᠢ ᠦᠷᠨᠢᠭᠦᠯᠪᠡ᠃ | | | | ᠨᠠᠶᠢᠷᠠᠭᠤᠯᠤᠭᠴᠢ᠄ ᠵᠠᠩ ᠾᠦᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |